蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠠᠩᠬᠠᠳᠠᠭᠴᠢ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠰᠢᠨ᠎ᠠ ᠶᠢ ᠡᠭᠦᠳᠴᠤ ᠦᠢᠯᠡᠰ ᠪᠤᠰᠬᠠᠬᠤ ᠵᠢᠱᠢᠶ᠎ᠠ ᠦᠵᠡᠭᠦᠯᠬᠦ ᠬᠦᠷᠢᠶᠡᠯᠡᠩ ᠠᠰᠢᠭᠯᠠᠯᠳᠠ ᠳᠤ ᠤᠷᠤᠪᠠ

2017-11-01 12:32

    10 ᠰᠠᠷ᠎ᠠ ᠶᠢᠨ 30 ᠤ ᠡᠳᠦᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠰᠢᠨ᠎ᠠ ᠶᠢ ᠡᠭᠦᠳᠴᠤ ᠦᠢᠯᠡᠰ ᠪᠤᠰᠬᠠᠬᠤ ᠵᠢᠱᠢᠶ᠎ᠠ ᠦᠵᠡᠭᠦᠯᠬᠦ ᠬᠦᠷᠢᠶᠡᠯᠡᠩ ᠠᠰᠢᠭᠯᠠᠯᠳᠠ ᠳᠤ ᠤᠷᠤᠯ᠎ᠠ᠃ ᠠᠩᠬ᠎ᠠ ᠬᠤᠸᠠᠷᠠᠩᠨᠠᠭᠰᠠᠨ ᠨᠠᠶᠢᠭᠡᠮ ᠤᠨ ᠵᠤᠬᠢᠶᠠᠨ ᠪᠠᠶᠢᠭᠤᠯᠤᠯᠲᠠ 18 ᠳ᠋ᠤ ᠬᠦᠷᠴᠤ ᠰᠤᠷᠭᠠᠨ ᠬᠦᠮᠦᠵᠢᠯ᠂ ᠨᠡᠶᠢᠭᠡᠮ ᠲᠤᠭᠤᠷᠢᠭ ᠤᠨ ᠦᠢᠯᠡᠴᠢᠯᠡᠭᠡ᠂ ᠠᠵᠢᠯ ᠮᠡᠷᠭᠡᠵᠢᠯ ᠤᠨ ᠨᠡᠶᠢᠭᠡᠮᠯᠢᠭ᠌᠂ ᠬᠤᠳᠠᠯᠳᠤᠭᠠᠨ ᠤ ᠡᠪᠯᠡᠯ ᠵᠡᠷᠭᠡ ᠰᠠᠯᠪᠤᠷᠢ ᠶᠢ ᠬᠠᠮᠤᠷᠪᠠ᠃

    ᠲᠠᠨᠢᠯᠴᠠᠭᠤᠯᠤᠭᠰᠠᠨ ᠢᠶᠡᠷ᠂ ᠤᠳᠤᠬᠠᠨ ᠳᠤ ᠦᠪᠦᠷ ᠮᠣᠩᠭᠣᠯ ᠳᠤ ᠨᠡᠶᠢᠲᠡ 14619 ᠨᠡᠶᠢᠭᠡᠮ ᠤᠨ ᠵᠤᠬᠢᠶᠠᠨ ᠪᠠᠶᠢᠭᠤᠯᠤᠯᠲᠠ ᠲᠠᠢ᠂ ᠡᠭᠦᠨ ᠳᠤ 8168 ᠨᠡᠶᠢᠭᠡᠮ ᠤᠨ ᠪᠠᠶᠢᠭᠤᠯᠤᠯᠭ᠎ᠠ᠂ 120 ᠹᠤᠨᠳ᠋᠂ 6331 ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠪᠤᠢ᠃ ᠰᠡᠭᠦᠯ ᠤᠨ ᠵᠢᠯ ᠤᠳ ᠲᠤ ᠦᠪᠦᠷ ᠮᠣᠩᠭᠣᠯ ᠤᠨ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠬᠦᠭ᠍ᠵᠢᠯᠲᠠ ᠲᠦᠷᠭᠡᠳᠴᠤ ᠵᠢᠯ ᠳᠤ 10% ᠶ᠋ᠢᠨ ᠬᠤᠷᠳᠤᠴᠠ ᠪᠡᠷ ᠨᠡᠮᠡᠭᠳᠡᠨ᠂ ᠦᠨᠳᠦᠰᠦᠨ ᠨᠡᠶᠢᠲᠡ ᠶᠢᠨ ᠦᠢᠯᠡᠴᠢᠯᠡᠭᠡ ᠬᠠᠩᠭ᠋ᠠᠬᠤ᠂ ᠨᠡᠶᠢᠲᠡ ᠶᠢᠨ ᠬᠠᠯᠠᠮᠵᠢ᠂ ᠪᠤᠶᠠᠨ ᠤ ᠦᠢᠯᠡᠰ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠲᠠᠯ᠎ᠠ ᠪᠡᠷ ᠢᠳᠡᠪᠬᠢ ᠦᠢᠯᠡᠳᠦᠯ ᠦᠵᠡᠭᠦᠯᠵᠤ ᠪᠤᠢ᠃ ᠭᠡᠪᠡᠴᠤ ᠦᠪᠦᠷ ᠮᠣᠩᠭᠣᠯ ᠤᠨ ᠨᠡᠶᠢᠭᠡᠮ ᠤᠨ ᠵᠤᠬᠢᠶᠠᠨ ᠪᠠᠶᠢᠭᠤᠯᠤᠯᠲᠠ ᠮᠦᠨ ᠬᠦᠭ᠍ᠵᠢᠯᠲᠠ ᠶᠢᠨ ᠡᠬᠢᠨ ᠤ ᠱᠠᠲᠤᠨ ᠳᠤ ᠪᠠᠨ ᠪᠠᠶᠢᠵᠤ᠂ ᠪᠤᠰᠤᠳᠴᠢ ᠳᠡᠭᠡᠷ᠎ᠠ ᠪᠡᠨ ᠬᠡᠪᠴᠢᠶᠡᠵᠢᠯ ᠢᠶᠡᠷ ᠪᠠᠭ᠎ᠠ᠂ ᠬᠦᠴᠦᠨ ᠪᠠᠭᠤᠷᠠᠢ᠂ ᠦᠢᠯᠡᠳᠦᠯ ᠢᠶᠡᠨ ᠪᠠᠳᠠᠷᠠᠭᠤᠯᠬᠤ ᠲᠠᠯ᠎ᠠ ᠪᠡᠷ ᠠᠨᠠᠢ ᠵᠡᠷᠭᠡ ᠠᠰᠠᠭᠤᠳᠠᠯ ᠤᠷᠤᠰᠢᠵᠤ ᠪᠤᠵᠠᠭᠠᠶᠢᠷᠠᠭᠤᠯᠤᠨ ᠳᠡᠮᠵᠢᠬᠦ ᠬᠦᠴᠦᠨ ᠢᠶᠡᠨ ᠴᠢᠩᠭ᠋ᠠᠳᠬᠠᠬᠤ ᠴᠢᠬᠤᠯᠠᠲᠠᠢ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121889694