蒙古文网站Logo
ᠰᠢᠨᠬᠤᠸᠠ ᠮᠤᠩᠭ᠋ᠤᠯ ᠨᠧᠲ

ᠬᠦᠬᠡᠬᠤᠳᠠ ᠶᠢᠨ ᠢᠷᠭᠡᠳ 11 ᠤ ᠡᠳᠤᠷ ᠡᠴᠡ ᠡᠬᠢᠯᠡᠨ ᠬᠦᠩᠬᠡᠯᠡᠯᠳᠡ ᠲᠡᠢ ᠺᠠᠷᠲ ᠢᠶᠡᠷ ᠠᠦ᠋ᠲ᠋ᠤᠪᠦ᠋ᠰ ᠲᠤ ᠰᠠᠭᠤᠬᠤ ᠪᠤᠯᠤᠨ᠎ᠠ

2017-11-01 17:31

    ᠰᠤᠷᠪᠤᠯᠵᠢᠯᠠᠭᠴᠢ ᠤᠶᠢᠯᠠᠭᠠᠭᠰᠠᠨ ᠢᠶᠡᠷ᠂ 10 ᠰᠠᠷ᠎ᠠ ᠶᠢᠨ 30 ᠤ ᠡᠳᠤᠷ ᠡᠴᠡ ᠬᠦᠬᠡᠬᠤᠳᠠ ᠶᠢᠨ ᠠᠦ᠋ᠲ᠋ᠤᠪᠦ᠋ᠰ ᠤᠨ ᠶᠡᠷᠦᠩᠬᠡᠢ ᠺᠤᠮᠫᠠᠨᠢ ᠠᠯᠪᠠᠨ ᠶᠤᠰᠤ ᠪᠡᠷ ᠬᠦᠬᠡᠬᠤᠳᠠ ᠶᠢᠨ ᠢᠷᠭᠡᠳ ᠤᠨ ᠺᠠᠷᠲ ᠪᠦᠷᠢᠳᠬᠡᠬᠦᠯᠬᠦ ᠬᠤᠯᠪᠤᠭᠳᠠᠯ ᠪᠦᠬᠦᠢ ᠠᠵᠢᠯ ᠢ ᠬᠦᠢᠴᠡᠳᠭᠡᠵᠤ ᠡᠬᠢᠯᠡᠪᠡ (ᠺᠠᠷᠲ ᠲᠠᠢ ᠢᠷᠭᠡᠳ ᠤᠤᠯ ᠤᠨ ᠢᠶᠡᠨ ᠬᠡᠷᠡᠭᠯᠡᠨ᠎ᠡ)᠃

    ᠤᠶᠢᠯᠠᠭᠠᠭᠰᠠᠨ ᠢᠶᠡᠷ᠂ 11 ᠰᠠᠷ᠎ᠠ ᠶᠢᠨ 11 ᠤ ᠡᠳᠤᠷ ᠡᠴᠡ ᠡᠬᠢᠯᠡᠨ ᠠᠦ᠋ᠲ᠋ᠤᠪᠦ᠋ᠰ ᠲᠤ ᠺᠠᠷᠲ ᠰᠢᠷᠪᠢᠬᠦ ᠶᠢ ᠪᠦᠬᠦ ᠲᠠᠯ᠎ᠠ ᠪᠡᠷ ᠪᠡᠶᠡᠯᠡᠬᠦᠯᠵᠤ᠂ ᠺᠠᠷᠲ ᠰᠢᠷᠪᠢᠨ ᠰᠠᠭᠤᠪᠠᠯ 2 ᠬᠤᠪᠢ ᠶᠢᠨ ᠬᠦᠩᠬᠡᠯᠡᠯᠳᠡ ᠲᠠᠢ᠃

    ᠤᠶᠢᠯᠠᠭᠠᠭᠰᠠᠨ ᠢᠶᠡᠷ᠂ ᠦᠪᠦᠷ ᠮᠤᠩᠭ᠋ᠤᠯ ᠤᠨ ᠬᠤᠸᠠ ᠯᠧᠢ ᠰᠤᠷᠠᠭ ᠵᠠᠩᠬᠢ ᠲᠧᠭᠨᠤᠯᠤᠬᠢ ᠶᠢᠨ ᠬᠤᠪᠢᠴᠠᠭᠠᠳᠤ ᠺᠤᠮᠫᠠᠨᠢ ᠮᠡᠷᠬᠡᠵᠢᠯ ᠬᠠᠩᠭ᠋ᠠᠵᠤ᠂ ᠤᠳᠤᠬᠠᠨ ᠳᠤ ᠸᠢᠴᠠᠲ ᠢᠶᠡᠷ ᠲᠤᠭᠠᠴᠠᠭᠠᠯᠠᠵᠤ ᠠᠦ᠋ᠲ᠋ᠤᠪᠦ᠋ᠰ ᠲᠤ ᠰᠠᠭᠤᠬᠤ ᠫᠷᠤᠭ᠍ᠷᠠᠮ ᠨᠢ ᠨᠢᠬᠡᠨᠳᠡ ᠲᠤᠳᠤᠭᠠᠳᠤ ᠳ᠋ᠡᠬᠢ ᠲᠤᠷᠰᠢᠯᠳᠠ ᠪᠠᠨ ᠲᠠᠭᠤᠰᠤᠭᠠᠳ 11 ᠰᠠᠷ᠎ᠠ ᠶᠢᠨ ᠡᠬᠢᠨ ᠡᠴᠡ 14 ᠨᠤᠮᠧᠷᠳᠤ ᠠᠦ᠋ᠲ᠋ᠤᠪᠦ᠋ᠰ ᠲᠤ ᠡᠬᠢᠯᠡᠨ ᠲᠤᠷᠰᠢᠨ ᠬᠡᠷᠡᠭᠵᠢᠬᠦᠯᠤᠨ᠎ᠡ᠃ ᠦᠨᠦ ᠵᠢᠯ ᠤᠨ ᠡᠴᠦᠰ ᠪᠤᠯᠬᠤ ᠡᠴᠡ ᠡᠮᠦᠨ᠎ᠡ ᠬᠦᠬᠡᠬᠤᠳᠠ 2000 ᠭᠠᠷᠤᠢ ᠠᠦ᠋ᠲ᠋ᠤᠪᠦ᠋ᠰ ᠲᠤ ᠸᠢᠴᠠᠲ ᠢᠶᠡᠷ ᠰᠢᠷᠪᠢᠬᠦ ᠮᠠᠰᠢᠨ ᠤᠭᠰᠠᠷᠠᠬᠤ ᠪᠤᠯᠤᠨ᠎ᠠ᠃ ᠢᠩᠬᠢᠪᠡᠯ ᠢᠷᠭᠡᠳ ᠵᠦᠪᠬᠡᠨ 0.3 ᠰᠧᠺᠦ᠋ᠨ᠋ᠲ  ᠬᠡᠷᠡᠭᠰᠡᠨ ᠸᠢᠴᠠᠲ ᠢᠶᠡᠷ ᠢᠶᠡᠨ ᠲᠤᠭᠠᠴᠠᠭ᠎ᠠ ᠬᠢᠵᠤ ᠠᠦ᠋ᠲ᠋ᠤᠪᠦ᠋ᠰ ᠲᠤ ᠰᠠᠭᠤᠬᠤ ᠪᠤᠯᠤᠨ᠎ᠠ᠃

    ᠲᠤᠰ ᠰᠠᠷ᠎ᠠ ᠡᠴᠡ ᠡᠬᠢᠯᠡᠨ ᠠᠦ᠋ᠲ᠋ᠤᠪᠦ᠋ᠰ ᠲᠤ ᠰᠠᠭᠤᠬᠤ ᠳᠤ ᠸᠢᠴᠠᠲ ᠢᠶᠡᠷ ᠲᠤᠭᠠᠴᠠᠭᠠᠯᠠᠵᠤ ᠪᠤᠯᠤᠨ᠎ᠠ᠂ 14 ᠨᠤᠮᠧᠷᠳᠤ ᠠᠦ᠋ᠲ᠋ᠤᠪᠦ᠋ᠰ ᠠᠩᠬᠠᠨ ᠤ ᠪᠦᠯᠦᠭ᠌ ᠲᠤᠷᠰᠢᠨ ᠬᠡᠷᠡᠭᠯᠡᠬᠦ ᠠᠦ᠋ᠲ᠋ᠤᠪᠦ᠋ᠰ ᠪᠤᠯᠵᠠᠢ᠃ 

ᠢᠷᠡᠯᠳᠡ᠄ ᠬᠦᠬᠡᠬᠤᠳᠠ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121891510