蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠮᠤᠵᠢ ᠣᠷᠣᠨ ᠠᠯᠤᠰᠯᠠᠨ ᠡᠮᠨᠡᠯᠬᠡ ᠳᠤ ᠰᠠᠭᠤᠵᠤ ᠲᠤᠭᠠᠴᠠᠭ᠎ᠠ ᠬᠢᠬᠦ ᠰᠢᠰᠲ᠋ᠧᠮ ᠲᠠᠢ ᠬᠤᠯᠪᠤᠭᠳᠠᠵᠤ ᠡᠮᠨᠡᠯᠬᠡ ᠶᠢᠨ ᠳᠠᠭᠠᠳᠬᠠᠯ ᠢ ᠨᠢᠬᠡᠳᠦᠯᠳᠡᠢ ᠳᠦᠯᠦᠪᠵᠢᠬᠦᠯᠬᠦ ᠪᠦᠰᠡ ᠳᠤ ᠪᠦᠷᠬᠦᠬᠦᠯᠪᠡ

2017-11-03 19:25

    ᠰᠤᠷᠪᠤᠯᠵᠢᠯᠠᠭᠴᠢ ᠦᠪᠦᠷ ᠮᠣᠩᠭᠣᠯ ᠤᠨ ᠦᠪᠠᠷᠲᠠᠬᠡᠨ ᠵᠠᠰᠠᠬᠤ ᠤᠷᠤᠨ ᠤ ᠬᠦᠮᠤᠨ ᠤ ᠨᠦᠭᠡᠴᠡ ᠪᠤᠯᠤᠨ ᠨᠡᠶᠢᠭᠡᠮ ᠤᠨ ᠪᠠᠲᠤᠯᠠᠭᠠᠨ ᠤ ᠲᠢᠩᠬᠢᠮ ᠠᠴᠠ ᠤᠢᠢᠯᠠᠭᠠᠭᠰᠠᠨ ᠢᠶᠠᠷ᠂ ᠤᠲᠤᠬᠠᠨ ᠳᠤ ᠦᠪᠦᠷ ᠮᠣᠩᠭᠣᠯ ᠤᠨ 142 ᠲᠤᠭᠲᠠᠭᠰᠠᠨ ᠴᠢᠭ ᠤᠨ ᠡᠮᠨᠡᠯᠬᠡ ᠶᠢᠨ ᠪᠠᠶᠢᠭᠤᠯᠤᠮᠵᠢ ᠤᠯᠤᠰ ᠤᠨ ᠮᠤᠵᠢ ᠣᠷᠣᠨ ᠠᠯᠤᠰᠯᠠᠨ ᠪᠤᠰᠤᠳ ᠭᠠᠵᠠᠷ ᠡᠪᠠᠳᠴᠢᠨ ᠦᠵᠡᠬᠦᠯᠵᠤ ᠡᠮᠨᠡᠯᠭᠡ ᠳᠤ ᠰᠠᠭᠤᠭᠰᠠᠨ ᠵᠠᠷᠣᠳᠠᠯ ᠢ ᠰᠢᠭᠤᠳ ᠲᠤᠭᠠᠴᠠᠭ᠎ᠠ ᠬᠢᠬᠦ ᠰᠢᠰᠲ᠋ᠧᠮ ᠲᠠᠢ ᠬᠤᠯᠪᠤᠬᠳᠠᠵᠤ᠂ ᠤᠷᠤᠨ ᠳᠠᠶᠠᠭᠠᠷ ᠤᠨ ᠡᠮᠨᠡᠯᠬᠡ ᠶᠢᠨ ᠲᠠᠭᠠᠳᠬᠠᠯ ᠢ ᠨᠢᠬᠡᠲᠤᠯᠲᠠᠢ ᠲᠦᠯᠤᠪᠵᠢᠬᠦᠯᠬᠦ ᠭᠠᠵᠠᠷ ᠤᠷᠤᠨ ᠢ ᠪᠦᠬᠦᠨ ᠢ ᠪᠦᠷᠬᠦᠪᠡ᠃

    ᠪᠦᠷᠢᠳᠬᠡᠯ ᠢ ᠦᠨᠲᠤᠰᠤᠯᠠᠪᠠᠯ᠂ ᠤᠲᠤᠬᠠᠨ ᠪᠤᠯᠲᠠᠯ᠎ᠠ᠂ ᠦᠪᠦᠷ ᠮᠣᠩᠭᠣᠯ ᠳᠤ ᠨᠢᠬᠡᠨᠲᠠ 5.8 ᠲᠦᠮᠠᠨ ᠬᠦᠮᠤᠨ ᠢ ᠮᠤᠵᠢ ᠣᠷᠣᠨ ᠠᠯᠤᠰᠯᠠᠨ ᠡᠪᠠᠳᠴᠢᠨ ᠦᠵᠡᠬᠦᠯᠬᠦ ᠰᠢᠰᠲ᠋ᠧᠮ ᠳᠤ ᠲᠡᠩᠰᠠᠯᠠᠵᠣ᠂ ᠮᠤᠵᠢ ᠣᠷᠣᠨ ᠠᠯᠤᠰᠯᠠᠨ ᠡᠮᠨᠡᠭᠦᠯᠬᠦ ᠪᠠᠯᠡᠳᠬᠡᠯ ᠮᠦᠩᠭᠦ 7006 ᠲᠦᠮᠠᠨ ᠲᠦᠬᠦᠷᠢᠭ᠌ ᠲᠤᠰᠢᠶᠠᠵᠤ᠂ ᠡᠯ᠎ᠠ ᠮᠤᠵᠢ (ᠰᠢᠭᠤᠳ ᠬᠠᠷᠢᠶ᠎ᠠ ᠬᠤᠲᠠ᠂ ᠦᠪᠡᠷᠳᠡᠭᠡᠨ ᠵᠠᠰᠠᠬᠤ ᠤᠷᠤᠨ) ᠳ᠋ᠤ ᠰᠠᠯᠭᠠᠨ ᠦᠭ᠍ᠭᠦᠭ᠍ᠰᠡᠨ ᠪᠠᠯᠡᠳᠬᠡᠯ ᠮᠦᠩᠭᠦ 4691 ᠲᠦᠮᠠᠨ ᠲᠦᠬᠦᠷᠢᠭ᠌ ᠲᠤ ᠬᠦᠷᠪᠠ᠃ ᠦᠪᠦᠷ ᠮᠣᠩᠭᠣᠯ ᠤᠨ ᠲᠠᠭᠠᠳᠬᠠᠯ ᠳᠤ ᠤᠷᠤᠯᠴᠠᠭᠰᠠᠳ ᠤᠯᠤᠰ ᠤᠨ ᠰᠢᠰᠲ᠋ᠧᠮ ᠳᠤ ᠰᠢᠭᠤᠳ ᠲᠤᠭᠠᠴᠠᠭ᠎ᠠ ᠬᠢᠬᠦ ᠪᠠᠷ ᠲᠠᠮᠵᠢᠨ ᠡᠮᠨᠡᠯᠬᠡ ᠳᠤ ᠰᠠᠭᠤᠭᠰᠠᠨ ᠵᠠᠷᠤᠲᠠᠯ ᠨᠢ 2848 ᠲᠦᠮᠠᠨ ᠲᠦᠬᠦᠷᠢᠭ᠌ ᠲᠤ ᠬᠦᠷᠴᠤ᠂ ᠳᠠᠪᠬᠤᠷᠳᠠᠭᠰᠠᠨ ᠳᠤᠭ᠎ᠠ ᠪᠡᠷ 1918 ᠬᠦᠮᠤᠨ ᠰᠢᠭᠤᠳ ᠲᠤᠭᠠᠴᠠᠭ᠎ᠠ ᠬᠢᠵᠠᠢ᠃ ᠡᠬᠦᠨ ᠳᠤ᠂ ᠭᠠᠲᠠᠷ ᠮᠤᠵᠢ ᠶᠢᠨ ᠬᠦᠮᠤᠰ ᠦᠪᠦᠷ ᠮᠣᠩᠭᠣᠯ ᠳᠤ ᠰᠢᠭᠤᠳ ᠲᠤᠭᠠᠴᠠᠭ᠎ᠠ ᠬᠢᠵᠤ ᠡᠮᠨᠡᠯᠬᠡ ᠳᠤ ᠰᠠᠭᠤᠭᠰᠠᠨ ᠵᠠᠷᠤᠲᠠᠯ 25 ᠲᠦᠮᠠᠨ ᠲᠦᠬᠦᠷᠢᠭ᠌ ᠬᠦᠷᠴᠤ᠂ 16 ᠬᠦᠮᠤᠨ ᠤᠲᠠᠭ᠎ᠠ ᠰᠢᠭᠤᠳ ᠲᠤᠭᠠᠴᠠᠭ᠎ᠠ ᠬᠢᠪᠠ᠃ ᠤᠯᠤᠰ ᠤᠨ ᠬᠦᠮᠤᠨ ᠤ ᠨᠦᠭᠡᠴᠡ ᠪᠤᠯᠤᠨ ᠨᠡᠶᠢᠭᠡᠮ ᠤᠨ ᠪᠠᠲᠤᠯᠠᠭᠠᠨ ᠤ ᠶᠠᠮᠤᠨ ᠤ ᠱᠠᠭᠠᠷᠲᠠᠯᠭ᠎ᠠ ᠪᠠᠷ᠂ ᠦᠪᠦᠷ ᠮᠣᠩᠭᠣᠯ ᠦᠨᠦ ᠵᠢᠯ ᠤᠨ 9 ᠰᠠᠷ᠎ᠠ ᠶᠢᠨ ᠡᠬᠢᠨ ᠪᠤᠯᠲᠠᠯ᠎ᠠ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠪᠤᠰᠤᠳ ᠭᠠᠵᠠᠷ ᠨᠣᠳᠣᠭᠰᠢᠨ ᠰᠠᠭᠤᠵᠣ ᠪᠠᠶᠢᠭ᠎ᠠ᠂ ᠤᠷᠲᠤ ᠬᠤᠭᠤᠴᠠᠭ᠎ᠠ ᠪᠠᠷ ᠪᠤᠰᠤᠳ ᠭᠠᠵᠠᠷ ᠨᠣᠳᠣᠭᠰᠢᠨ ᠰᠠᠭᠤᠵᠣ ᠪᠠᠶᠢᠭ᠎ᠠ᠂ ᠤᠷᠲᠤ ᠬᠤᠭᠤᠴᠠᠭ᠎ᠠ ᠪᠠᠷ ᠪᠤᠰᠤᠳ ᠭᠠᠵᠠᠷ ᠠᠵᠢᠯᠯᠠᠵᠣ ᠪᠠᠶᠢᠭ᠎ᠠ᠂ ᠲᠤᠭᠲᠠᠭᠠᠯ ᠳᠤ ᠨᠠᠶᠢᠴᠡᠨ ᠰᠢᠯᠵᠢᠬᠦᠯᠤᠨ ᠡᠮᠨᠡᠬᠦᠯᠬᠦ ᠵᠡᠷᠬᠡ ᠲᠦᠷᠪᠠᠨ ᠲᠦᠷᠦᠯ ᠤᠨ ᠬᠦᠮᠤᠰ ᠤᠨ ᠪᠤᠰᠤᠳ ᠭᠠᠵᠠᠷ ᠡᠪᠠᠳᠴᠢᠨ ᠢᠶᠠᠨ ᠦᠵᠡᠬᠦᠯᠵᠤ ᠡᠮᠨᠡᠯᠬᠡ ᠳᠤ ᠰᠠᠭᠤᠭᠰᠠᠨ ᠵᠠᠷᠣᠳᠠᠯ ᠢ ᠰᠢᠭᠤᠤᠨ ᠳᠣᠭᠠᠴᠠᠭ᠎ᠠ ᠬᠢᠬᠦ ᠶᠢ ᠪᠦᠬᠦ ᠲᠠᠯ᠎ᠠ ᠪᠠᠷ ᠪᠠᠶᠠᠯᠠᠬᠦᠯᠵᠤ᠂ ᠪᠦᠬᠦ ᠤᠷᠤᠨ ᠤ 12 ᠠᠶᠢᠮᠠᠬ ᠬᠤᠲᠠ 103 ᠬᠤᠰᠢᠭᠤ ᠰᠢᠶᠠᠨ ᠪᠦᠬᠦᠨ ᠢᠶᠠᠷ ᠢᠶᠠᠨ ᠮᠤᠵᠢ ᠣᠷᠣᠨ ᠠᠯᠤᠰᠯᠠᠨ ᠪᠤᠰᠤᠳ ᠭᠠᠵᠠᠷ ᠡᠪᠠᠳᠴᠢᠨ ᠦᠵᠡᠬᠦᠯᠤᠨ ᠡᠮᠨᠡᠯᠬᠡ ᠳᠤ ᠰᠠᠭᠤᠬᠤ ᠵᠠᠷᠤᠲᠠᠯ ᠢ ᠰᠢᠭᠤᠳ ᠲᠤᠭᠠᠴᠠᠭ᠎ᠠ ᠬᠢᠬᠦ ᠶᠢ ᠪᠠᠶᠠᠯᠡᠬᠦᠯᠦᠭᠰᠡᠨ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121902940