蒙古文网站Logo
ᠰᠢᠨᠬᠤᠸᠠ ᠮᠤᠩᠭ᠋ᠤᠯ ᠨᠧᠲ

《ᠵᠢᠭᠤᠯᠴᠢᠯᠠᠯ ᠤᠨ ᠬᠥᠲᠥᠴᠢ ᠶᠢᠨ ᠬᠠᠮᠢᠶᠠᠷᠤᠯᠳᠠ ᠶᠢᠨ ᠠᠷᠭ᠎ᠠ》 ᠶᠢ 2018 ᠤᠨ ᠤ 1 ᠰᠠᠷ᠎ᠠ ᠶᠢᠨ 1 ᠤ ᠡᠳᠤᠷ ᠡᠴᠡ ᠡᠬᠢᠯᠡᠨ ᠠᠯᠪᠠᠨ ᠶᠤᠰᠤ ᠪᠡᠷ ᠬᠡᠷᠡᠭᠵᠢᠬᠦᠯᠦᠨ᠎ᠠ

2017-11-03 18:23

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ᠎ᠠ ᠶᠢᠨ 2 ᠤᠨ ᠡᠳᠤᠷ ᠤᠨ ᠴᠠᠬᠢᠯᠭᠠᠨ ᠮᠡᠳᠡᠬᠡ   ᠰᠤᠷᠪᠤᠯᠵᠢᠯᠠᠭᠴᠢ 2 ᠤᠨ ᠡᠳᠤᠷ ᠤᠯᠤᠰ ᠤᠨ ᠠᠶᠠᠯᠠᠯ ᠵᠢᠭᠤᠯᠴᠢᠯᠠᠯ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠤᠯᠤᠰ ᠤᠨ ᠠᠶᠠᠯᠠᠯ ᠵᠢᠭᠤᠯᠴᠢᠯᠠᠯ ᠤᠨ ᠲᠤᠪᠴᠢᠶ᠎ᠠ ᠤᠶᠢᠷ᠎ᠠ ᠳᠤ 《ᠵᠢᠭᠤᠯᠴᠢᠯᠠᠯ ᠤᠨ ᠬᠥᠲᠥᠴᠢ ᠶᠢᠨ ᠬᠠᠮᠢᠶᠠᠷᠤᠯᠳᠠ ᠶᠢᠨ ᠠᠷᠭ᠎ᠠ》 ᠶᠢ ᠨᠡᠶᠢᠳᠡᠯᠡᠵᠤ᠂ ᠵᠢᠭᠤᠯᠴᠢᠯᠠᠯ ᠤᠨ ᠬᠥᠲᠥᠴᠢ ᠶᠢᠨ ᠪᠠᠭ ᠤᠨ ᠪᠠᠶᠢᠭᠤᠯᠤᠯᠳᠠ ᠶᠢ ᠴᠢᠩᠭ᠋ᠠᠳᠬᠠᠵᠤ᠂ ᠵᠢᠭᠤᠯᠴᠢᠯᠠᠯ ᠤᠨ ᠬᠥᠲᠥᠴᠢ ᠶᠢᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠵᠤ᠂ ᠦᠢᠯᠡᠴᠢᠯᠡᠬᠡᠨ ᠤ ᠲᠦᠪᠰᠢᠨ ᠢ ᠲᠡᠭᠡᠭ᠍ᠰᠢᠯᠡᠬᠦᠯᠬᠦ ᠪᠡᠷ ᠪᠤᠯᠤᠯ᠎ᠠ᠃ ᠲᠤᠰ ᠠᠷᠭ᠎ᠠ ᠶᠢ 2018 ᠤᠨ ᠤ 1 ᠰᠠᠷ᠎ᠠ ᠶᠢᠨ 1 ᠤ ᠡᠳᠤᠷ ᠡᠴᠡ ᠠᠯᠪᠠᠨ ᠶᠤᠰᠤ ᠪᠡᠷ ᠬᠡᠷᠡᠭᠵᠢᠬᠦᠯᠦᠨ᠎ᠡ᠃

    ᠤᠯᠤᠰ ᠤᠨ ᠠᠶᠠᠯᠠᠯ ᠵᠢᠭᠤᠯᠴᠢᠯᠠᠯ ᠤᠨ ᠲᠤᠪᠴᠢᠶ᠎ᠠ ᠶᠢᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠤ ᠲᠠᠨᠢᠯᠴᠠᠭᠤᠯᠤᠭᠰᠠᠨ ᠢᠶᠡᠷ᠂ ᠬᠠᠮᠢᠶᠠᠷᠤᠯᠳᠠ ᠶᠢᠨ ᠠᠷᠭ᠎ᠠ ᠳᠤ ᠶᠡᠷᠦᠩᠬᠡᠢ ᠲᠦᠷᠢᠮ᠂ ᠵᠢᠭᠤᠯᠴᠢᠯᠠᠯ ᠤᠨ ᠬᠦᠲᠥᠴᠢ ᠶᠢᠨ ᠠᠵᠢᠯ   ᠤᠨ ᠵᠥᠪᠰᠢᠶᠡᠷᠡᠯ᠂ ᠵᠢᠭᠤᠯᠴᠢᠯᠠᠯ ᠤᠨ ᠬᠥᠲᠥᠴᠢ ᠶᠢᠨ ᠠᠵᠢᠯ ᠤᠨ ᠬᠠᠮᠢᠶᠠᠷᠤᠯᠳᠠ᠂ ᠵᠢᠭᠤᠯᠴᠢᠯᠠᠯ ᠤᠨ ᠬᠥᠲᠥᠴᠢ ᠶᠢᠨ ᠪᠠᠳᠤᠯᠠᠭ᠎ᠠ ᠪᠤᠯᠤᠨ ᠵᠤᠷᠢᠭᠵᠢᠭᠤᠯᠤᠯ᠂ ᠰᠢᠶ᠋ᠳᠬᠡᠬᠦ ᠲᠦᠷᠢᠮ ᠪᠤᠯᠤᠨ ᠲᠠᠭᠠᠯᠳᠠ ᠵᠦᠢᠯ ᠵᠡᠷᠬᠡ 6 ᠪᠦᠯᠦᠭ᠂ ᠨᠡᠶᠢᠳᠡ 40 ᠵᠤᠷᠪᠤᠰ ᠲᠠᠢ᠃ ᠡᠬᠦᠨ ᠳᠤ ᠵᠢᠭᠤᠯᠴᠢᠯᠠᠯ ᠤᠨ ᠬᠦᠲᠥᠴᠢ ᠶᠢᠨ ᠦᠨᠡᠮᠯᠡᠬᠦ ᠶᠢ ᠡᠯᠧᠺᠲ᠋ᠷᠤᠨ ᠦᠨᠡᠮᠯᠡᠬᠦ ᠪᠤᠯᠭᠠᠵᠤ᠂ ᠡᠯᠧᠺᠲ᠋ᠷᠤᠨ ᠰᠤᠷᠠᠭ ᠵᠠᠩᠬᠢ ᠶᠢᠨ ᠬᠡᠯᠪᠡᠷᠢ ᠪᠡᠷ ᠵᠢᠭᠤᠯᠴᠢᠯᠠᠯ ᠤᠨ ᠬᠥᠲᠥᠴᠢᠳ ᠤᠨ ᠭᠠᠷ ᠤᠳᠠᠰᠤ ᠵᠡᠷᠬᠡ ᠳᠤ  ᠬᠠᠳᠠᠭᠠᠯᠠᠭᠤᠯᠤᠨ᠎ᠠ᠃ ᠵᠢᠭᠤᠯᠴᠢᠳ᠂ ᠦᠵᠡᠮᠦᠷᠢ ᠶᠢᠨ ᠪᠦᠰᠡ ᠪᠤᠯᠤᠨ ᠬᠠᠤᠯᠢ ᠬᠡᠷᠡᠭᠵᠢᠬᠦᠯᠦᠭᠴᠢᠳ ᠵᠢᠭᠤᠯᠴᠢᠯᠠᠯ ᠤᠨ ᠬᠥᠲᠥᠴᠢ ᠶᠢᠨ ᠦᠨᠡᠮᠯᠡᠬᠦ ᠲᠡᠭᠡᠷᠡᠬᠢ ᠬᠤᠶᠠᠷ ᠬᠡᠮᠵᠢᠯᠳᠡᠳᠤ ᠺᠤᠳ᠋ ᠶᠢ ᠰᠢᠷᠪᠢᠨ ᠵᠢᠭᠤᠯᠴᠢᠯᠠᠯ ᠤᠨ ᠬᠥᠲᠥᠴᠢ ᠶᠢᠨ ᠰᠤᠷᠠᠭ ᠵᠠᠩᠬᠢ ᠢ ᠤᠶᠢᠯᠠᠭᠠᠵᠤ ᠪᠤᠯᠤᠨ᠎ᠠ᠂   ᠵᠢᠭᠤᠯᠴᠢᠯᠠᠯ ᠤᠨ ᠬᠥᠲᠥᠴᠢ ᠶᠢᠨ IC ᠺᠠᠷᠲ ᠦᠨᠡᠮᠯᠡᠬᠦ ᠶᠢ 2017 ᠤᠨ ᠤ 10 ᠰᠠᠷ᠎ᠠ ᠶᠢᠨ 31 ᠤ ᠡᠳᠤᠷ ᠡᠴᠡ ᠬᠡᠷᠡᠭᠯᠡᠬᠦ ᠪᠡᠨ ᠪᠤᠯᠢᠵᠤ᠂ ᠤᠯᠤᠰ ᠲᠠᠶᠠᠭᠠᠷ ᠲᠤ ᠡᠯᠧᠺᠲ᠋ᠷᠤᠨ ᠵᠢᠭᠤᠯᠴᠢᠯᠠᠯ ᠤᠨ ᠬᠥᠲᠥᠴᠢ ᠶᠢᠨ ᠦᠨᠡᠮᠯᠡᠬᠦ ᠬᠡᠷᠡᠭᠯᠡᠬᠦ ᠪᠤᠯᠤᠨ᠎ᠠ᠃ 

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121903068