蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ 2018 ᠤᠨ ᠳᠤ ᠠᠷᠠᠯᠵᠢᠶᠠᠨ ᠤ ᠲᠡᠶᠢᠷᠦᠯᠳᠤ ᠶᠢ ᠲᠠᠯᠠᠢ ᠲᠡᠭᠡᠷ᠎ᠡ ᠡᠴᠡ ᠠᠩᠬᠠᠯᠠᠨ ᠬᠦᠬᠡᠷᠬᠡᠬᠦ ᠪᠤᠯᠤᠮᠵᠢ ᠲᠠᠢ

2017-11-03 18:46

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ᠎ᠠ ᠶᠢᠨ 2 ᠤᠨ ᠡᠳᠤᠷ ᠤᠨ ᠴᠠᠬᠢᠯᠭᠠᠨ ᠮᠡᠳᠡᠬᠡ   ᠢᠷᠡᠭᠡᠳᠤᠢ ᠳᠤ ᠮᠠᠨ ᠤ ᠤᠯᠤᠰ ᠤᠨ ᠲᠡᠶᠢᠷᠦᠯᠳᠤ ᠰᠤᠮᠤ ᠬᠦᠬᠡᠷᠬᠡᠬᠦ ᠠᠵᠢᠯ ᠵᠢᠤᠴᠢᠤᠸᠠᠨ᠂ ᠲᠠᠶᠢᠶᠤᠸᠠᠨ᠂ ᠰᠢᠴᠠᠩ᠂ ᠸᠸᠨᠴᠠᠩ ᠵᠡᠷᠬᠡ ᠲᠦᠷᠪᠡᠨ ᠲᠤᠮᠤ ᠬᠦᠬᠡᠷᠬᠡᠬᠦ ᠲᠠᠯᠠᠪᠠᠢ ᠳᠤ ᠯᠡ ᠶᠠᠪᠤᠭᠳᠠᠬᠤ ᠪᠢᠰᠢ ᠪᠤᠯᠤᠨ᠎ᠠ᠃ ᠤᠯᠠᠨ ᠤᠯᠤᠰ ᠤᠨ ᠠᠷᠠᠯᠵᠢᠶᠠᠴᠢᠳ ᠤᠨ ᠱᠠᠭᠠᠷᠳᠠᠯᠭ᠎ᠠ ᠪᠡᠷ᠂ ᠮᠠᠨ ᠤ ᠤᠯᠤᠰ ᠤᠨ ᠴᠠᠩ ᠵᠧᠩ ᠲᠡᠶᠢᠷᠦᠯᠳᠤ ᠶᠠᠬ ᠬᠠᠳᠠᠭᠤ ᠪᠡᠶᠡᠳᠤ ᠶᠢ ᠠᠴᠢᠶᠠᠯᠠᠬᠤ ᠳᠤ ᠰᠠᠭᠤᠷᠢᠯᠠᠬᠰᠠᠨ ᠲᠡᠶᠢᠷᠦᠯᠳᠤ  ᠶᠢ ᠲᠠᠯᠠᠢ ᠲᠡᠭᠡᠷ᠎ᠠ ᠡᠴᠡ ᠬᠦᠬᠡᠷᠬᠡᠬᠦ ᠦᠢᠯᠡᠴᠢᠯᠡᠬᠡ ᠶᠢ ᠰᠤᠳᠤᠯᠤᠨ ᠨᠡᠭᠡᠭᠡᠵᠤ ᠪᠤᠢ᠃ ᠲᠤᠮᠳᠠᠳᠤ ᠤᠯᠤᠰ ᠤᠨ ᠰᠠᠨᠰᠠᠷ ᠠᠶᠠᠯᠠᠯ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠪᠦᠯᠦᠭᠯᠡᠯ ᠺᠤᠮᠫᠠᠨᠢ ᠶᠢᠨ ᠲᠡᠳ᠋ ᠵᠠᠬᠢᠷᠤᠯ ᠶᠠᠩ ᠪᠤᠤ ᠬᠤᠸᠠ᠂ ᠮᠠᠨ ᠤ ᠤᠯᠤᠰ 2018 ᠤᠨ ᠳᠤ ᠠᠷᠠᠯᠵᠢᠶᠠᠨ ᠤ ᠲᠡᠶᠢᠷᠦᠯᠳᠤ ᠶᠢ ᠲᠠᠯᠠᠢ ᠲᠡᠭᠡᠷ᠎ᠡ ᠡᠴᠡ ᠠᠩᠬᠠᠯᠠᠨ ᠬᠦᠬᠡᠷᠬᠡᠬᠦ ᠪᠤᠯᠤᠮᠵᠢ ᠲᠠᠢ ᠬᠡᠪᠡ᠃

    11 ᠰᠠᠷ᠎ᠠ ᠶᠢᠨ 1-2 ᠤᠨ ᠡᠳᠤᠷ᠂ ᠬᠤᠶᠠᠳᠡᠬᠢ ᠬᠤᠭᠤᠴᠠᠭᠠᠨ ᠤ ᠰᠠᠨᠰᠠᠷ ᠠᠶᠠᠯᠠᠯ ᠤᠨ ᠲᠡᠭᠡᠳᠤ ᠲᠦᠪᠰᠢᠨ ᠤ ᠹᠤᠷᠦ᠋ᠮ ᠪᠤᠯᠤᠨ ᠲᠤᠮᠳᠠᠳᠤ ᠤᠯᠤᠰ ᠤᠨ ᠰᠠᠨᠰᠠᠷ ᠤᠷᠴᠢᠯᠠᠩ ᠵᠦᠢ ᠶᠢᠨ ᠬᠤᠷᠠᠯ•ᠲᠤᠮᠳᠠᠳᠤ ᠤᠯᠤᠰ ᠤᠨ ᠤᠷᠤᠨ ᠵᠠᠢ  ᠵᠦᠢ ᠶᠢᠨ ᠬᠤᠷᠠᠯ ᠤᠨ 2017 ᠤᠨ ᠤ ᠡᠷᠳᠡᠮ ᠰᠢᠨᠵᠢᠯᠡᠬᠡᠨ ᠤ ᠤᠨ ᠤ ᠬᠤᠷᠠᠯ ᠪᠡᠭᠡᠵᠢᠩ ᠳᠤ ᠬᠤᠷᠠᠯᠳᠤᠪᠠ᠃ ᠲᠤᠰ ᠤᠳᠠᠭᠠᠨ ᠤ ᠹᠤᠷᠦ᠋ᠮ《ᠬᠠᠮᠳᠤ ᠪᠡᠷ ᠰᠢᠨ᠎ᠡ ᠶᠢ ᠡᠬᠦᠳᠴᠦ᠂ ᠠᠭᠤᠰᠤᠯᠴᠠᠨ ᠬᠦᠭ᠍ᠵᠢᠬᠦ》ᠭᠤᠤᠯ ᠰᠡᠳᠤᠪ ᠤᠨ ᠲᠤᠭᠤᠷᠢᠨ ᠳᠤ ᠤᠷᠤᠨ ᠵᠠᠢ ᠶᠢᠨ ᠮᠡᠷᠬᠡᠵᠢᠯ᠂ ᠤᠷᠤᠨ ᠵᠠᠢ ᠶᠢᠨ ᠰᠢᠨᠵᠢᠯᠡᠬᠦ ᠤᠬᠠᠭᠠᠨ᠂ ᠤᠷᠤᠨ ᠵᠠᠢ ᠶᠢᠨ ᠬᠡᠷᠡᠭᠯᠡᠬᠡ᠂ ᠤᠷᠤᠨ ᠵᠠᠢ ᠶᠢᠨ ᠬᠠᠤᠯᠢ ᠵᠡᠷᠬᠡ ᠬᠤᠯᠪᠤᠭᠳᠠᠯ ᠪᠦᠬᠦᠢ ᠬᠦᠷᠢᠶᠡᠨ ᠳᠤ ᠵᠤᠬᠢᠶᠠᠨ ᠪᠠᠶᠢᠭᠤᠯᠤᠭᠳᠠᠪᠠ᠃ 

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121903071