蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 3 ᠰᠠᠭᠤᠷᠢᠨ ᠤᠯᠤᠰ ᠤᠨ ᠭᠠᠯ ᠪᠠᠮᠪᠠᠷ ᠨᠡᠷᠡᠮᠵᠢᠳᠤ ᠤᠨᠴᠠᠯᠢᠭᠲᠤ ᠠᠵᠤ ᠦᠢᠯᠡᠰ ᠤᠨ ᠰᠠᠭᠤᠷᠢᠨ ᠢᠶᠡᠷ ᠳᠤᠳᠤᠷᠠᠪᠠ

2017-11-06 12:00

    11 ᠰᠠᠷ᠎ᠠ ᠶᠢᠨ 3 ᠤ ᠡᠳᠦᠷ᠂ ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠸᠭ᠍ᠨᠤᠯᠤᠭᠢ ᠶᠢᠨ ᠲᠢᠩᠬᠢᠮ ᠡᠴᠡ ᠤᠶᠢᠯᠠᠭᠠᠭᠰᠠᠨ ᠢᠶᠡᠷ᠂ 10 ᠰᠠᠷ᠎ᠠ ᠶᠢᠨ 30 ᠤ ᠡᠳᠦᠷ᠂ ᠤᠯᠤᠰ ᠤᠨ ᠭᠠᠯ ᠪᠠᠮᠪᠠᠷ ᠨᠡᠷᠡᠮᠵᠢᠳᠦ ᠬᠤᠷᠢᠨᠭᠡᠷ ᠰᠢᠨ᠎ᠠ ᠲᠤᠭᠤᠷᠢᠭ ᠤᠨ ᠲᠤᠮᠤ ᠳ᠋ᠠᠶᠢᠲ᠋ᠠ ᠶᠢᠨ ᠤᠨᠴᠠᠯᠢᠭᠲᠤ ᠠᠵᠤ ᠦᠢᠯᠡᠰ ᠤᠨ ᠰᠠᠭᠤᠷᠢᠨ 2017 ᠤᠨ ᠤ ᠬᠤᠶᠠᠳᠤᠭᠠᠷ ᠡᠭᠡᠯᠵᠢ ᠶᠢᠨ ᠭᠠᠯ ᠪᠠᠮᠪᠠᠷ ᠨᠡᠷᠡᠮᠵᠢᠳᠦ ᠤᠨᠴᠠᠯᠢᠭᠲᠤ ᠠᠵᠤ ᠦᠢᠯᠡᠰ ᠤᠨ ᠰᠠᠭᠤᠷᠢᠨ  ᠢᠶᠡᠷ ᠳᠤᠳᠤᠷᠠᠪᠠ᠂ ᠢᠩᠭᠢᠭ᠍ᠰᠡᠨ ᠢᠶᠡᠷ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ 3 ᠰᠠᠭᠤᠷᠢᠨ ᠤᠯᠤᠰ ᠤᠨ ᠭᠠᠯ ᠪᠠᠮᠪᠠᠷ ᠨᠡᠷᠡᠮᠵᠢᠳᠦ ᠤᠨᠴᠠᠯᠢᠭᠲᠤ ᠠᠵᠤ ᠦᠢᠯᠡᠰ ᠤᠨ ᠰᠠᠭᠤᠷᠢᠨ ᠢᠶᠡᠷ ᠲᠤᠭᠲᠠᠭᠠᠭᠳᠠᠵᠠᠢ᠃

    ᠨᠢᠭᠡᠨᠲᠡ ᠳᠤᠳᠤᠷᠠᠭᠰᠠᠨ ᠭᠤᠷᠪᠠᠨ ᠰᠠᠭᠤᠷᠢᠨ ᠨᠢ ᠲᠤᠰ ᠪᠦᠷᠢ ᠤᠯᠤᠰ ᠤᠨ ᠭᠠᠯ ᠪᠠᠮᠪᠠᠷ ᠨᠡᠷᠡᠮᠵᠢᠳᠦ ᠬᠤᠷᠢᠨᠭᠡᠷ ᠰᠢᠨ᠎ᠠ ᠲᠤᠭᠤᠷᠢᠭ ᠤᠨ ᠲᠤᠮᠤ ᠳ᠋ᠠᠶᠢᠲ᠋ᠠ ᠶᠢᠨ ᠤᠨᠴᠠᠯᠢᠭᠲᠤ ᠠᠵᠤ ᠦᠢᠯᠡᠰ ᠤᠨ ᠰᠠᠭᠤᠷᠢᠨ᠂ ᠤᠯᠤᠰ ᠤᠨ ᠭᠠᠯ ᠪᠠᠮᠪᠠᠷ ᠨᠡᠷᠡᠮᠵᠢᠳᠦ ᠬᠦᠬᠡᠬᠤᠲᠠ ᠶᠢᠨ ᠲᠤᠬᠳᠠᠬᠤ ᠠᠮᠢᠲᠤ ᠪᠤᠳᠠᠰ ᠢᠰᠭᠡᠬᠦ ᠤᠨᠴᠠᠯᠢᠭᠲᠤ ᠠᠵᠤ ᠦᠢᠯᠡᠰ ᠤᠨ ᠰᠠᠭᠤᠷᠢᠨ ᠪᠤᠯᠤᠨ ᠤᠯᠤᠰ ᠤᠨ ᠭᠠᠯ ᠪᠠᠮᠪᠠᠷ ᠨᠡᠷᠡᠮᠵᠢᠳᠦ ᠤᠷᠳᠤᠰ ᠮᠠᠰᠢᠨ ᠲᠡᠷᠭᠡ ᠵᠢᠴᠢ ᠵᠠᠩᠭᠢᠯᠠᠭ᠎ᠠ ᠶᠢᠨ ᠰᠡᠯᠪᠢᠭ᠌ ᠤᠨ ᠤᠨᠴᠠᠯᠢᠭᠲᠤ ᠠᠵᠤ ᠦᠢᠯᠡᠰ ᠤᠨ ᠰᠠᠭᠤᠷᠢᠨ ᠪᠤᠯᠤᠨ᠎ᠠ᠃

    2016 ᠤᠨ ᠳᠤ᠂ ᠬᠤᠷᠢᠨᠭᠡᠷ ᠰᠢᠨ᠎ᠠ ᠲᠤᠭᠤᠷᠢᠭ ᠤᠯᠤᠰ ᠳᠠᠶᠠᠭᠠᠷ ᠤᠨ ᠴᠤᠷ ᠤᠨ ᠭᠠᠭᠴᠠ ᠲᠤᠮᠤ ᠳ᠋ᠠᠶᠢᠲ᠋ᠠ ᠶᠢᠨ ᠰᠠᠭᠤᠷᠢᠨ ᠤ ᠳᠡᠳ᠋ ᠪᠦᠲᠦᠴᠡ ᠶᠢᠨ ᠨᠢᠭᠡᠳᠦᠯᠲᠡᠢ ᠬᠦᠭ᠍ᠵᠢᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠲᠤᠭᠤᠷᠢᠭ ᠢᠶᠡᠷ ᠴᠤᠬᠤᠯᠠᠪᠤᠷᠢᠯᠠᠭᠳᠠᠪᠠ᠃ ᠱᠸᠩ ᠯᠸ᠂ ᠰᠢᠷᠠᠴᠢᠨ᠂ ᠵᠢᠨ ᠴᠢᠶᠤᠤ᠂ ᠲᠦᠸᠸ ᠴᠢᠩ ᠵᠡᠷᠭᠡ ᠠᠵᠤ ᠦᠢᠯᠡᠳᠪᠦᠷᠢ ᠲᠦᠪᠯᠡᠷᠡᠭᠰᠡᠨ ᠪᠦᠰᠡᠨ ᠳᠤ ᠪᠡᠨ ᠰᠠᠭᠤᠷᠢᠯᠠᠵᠤ ᠪᠤᠬᠢᠷᠳᠤᠯ ᠦᠭᠡᠢ᠂ ᠴᠠᠬᠢᠯᠭᠠᠨ ᠡᠷᠴᠢᠮ ᠬᠦᠴᠦ᠂ ᠴᠠᠬᠢᠯᠭᠠᠨ ᠸᠤᠯᠲ ᠤᠨ ᠮᠠᠲ᠋ᠸᠷᠢᠶᠠᠯ᠂ ᠲᠤᠮᠤ ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠳᠠᠪᠠᠭᠤᠯᠢᠭ ᠠᠵᠤ ᠦᠢᠯᠡᠰ ᠤᠨ ᠲᠦᠪᠯᠡᠷᠡᠯ ᠢ ᠪᠤᠢ ᠪᠤᠯᠭᠠᠪᠠ᠃ (ᠳ᠋ᠤᠸᠠᠨ ᠯᠢ ᠫᠢᠩ)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121911885