蒙古文网站Logo
ᠰᠢᠨᠬᠤᠸᠠ ᠮᠤᠩᠭ᠋ᠤᠯ ᠨᠧᠲ

5 ᠠᠶᠢᠮᠠᠭ ᠬᠤᠳᠠ 2017 ᠤᠨ ᠤ ᠲᠤᠤᠷ᠎ᠠ ᠤᠷᠤᠯᠭ᠎ᠠ ᠲᠡᠢ ᠲᠠᠷᠢᠶᠠᠴᠢᠨ ᠮᠠᠯᠴᠢᠨ ᠡᠷᠦᠬᠡ ᠳᠤ ᠡᠪᠤᠯ ᠤᠨ ᠲᠤᠯᠠᠭᠠᠯᠭ᠎ᠠ ᠶᠢᠨ ᠨᠡᠬᠦᠷᠡᠰᠤᠨ ᠤ ᠨᠦᠬᠦᠪᠦᠷᠢ ᠥᠭᠬᠦ ᠠᠵᠢᠯ ᠢᠶᠡᠨ ᠲᠠᠭᠤᠰᠬᠠᠪᠠ

2017-11-06 17:34

    ᠰᠤᠷᠪᠤᠯᠵᠢᠯᠠᠭᠴᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠰᠤᠷᠠᠭ ᠵᠠᠩᠬᠢ ᠶᠢᠨ ᠵᠦᠪᠯᠡᠯ ᠡᠴᠡ ᠣᠶᠢᠯᠡᠭᠠᠭᠰᠠᠨ ᠢᠶᠡᠷ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠬᠦᠷᠡᠰᠦᠨ ᠤ ᠠᠵᠤ ᠦᠢᠯᠡᠳᠪᠦᠷᠢ ᠶᠢᠨ ᠲᠤᠪᠴᠢᠶ᠎ᠠ ᠶᠢᠨ ᠲᠤᠬᠢᠷᠠᠭᠤᠯᠭ᠎ᠠ ᠪᠡᠷ ᠬᠢᠩᠭᠠᠨ ᠠᠶᠢᠮᠠᠭ᠂ ᠤᠯᠠᠭᠠᠨᠴᠠᠪ ᠬᠤᠳᠠ᠂ ᠠᠯᠠᠱᠠ ᠠᠶᠢᠮᠠᠭ᠂ ᠮᠠᠨᠵᠤᠤᠷ ᠬᠤᠳᠠ᠂ ᠡᠷᠢᠶᠡᠨ ᠬᠤᠳᠠ ᠵᠡᠷᠬᠡ 5 ᠠᠶᠢᠮᠠᠭ ᠬᠤᠳᠠ ᠲᠤᠤᠷ᠎ᠠ ᠤᠷᠤᠯᠭ᠎ᠠ ᠲᠠᠢ ᠲᠠᠷᠢᠶᠠᠴᠢᠨ ᠮᠠᠯᠴᠢᠨ ᠡᠷᠦᠬᠡ ᠳᠤ ᠡᠪᠤᠯ ᠤᠨ ᠲᠤᠯᠠᠭᠠᠯᠭ᠎ᠠ ᠶᠢᠨ ᠨᠡᠬᠦᠷᠡᠰᠤᠨ ᠤ ᠨᠦᠬᠦᠪᠦᠷᠢ ᠥᠭᠬᠦ ᠠᠵᠢᠯ ᠶᠢᠡᠨ ᠴᠠᠭ ᠲᠤᠬᠠᠢ ᠳᠤ ᠨᠢ ᠲᠠᠭᠤᠰᠬᠠᠪᠠ᠃

    ᠦᠨᠦ ᠵᠢᠯ ᠤᠨ 5 ᠰᠠᠷ᠎ᠠ ᠳᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠰᠤᠷᠠᠭ ᠵᠠᠩᠬᠢ ᠶᠢᠨ ᠵᠦᠪᠯᠡᠯ《 2017 ᠤᠨ ᠤ ᠲᠤᠤᠷ᠎ᠠ ᠤᠷᠤᠯᠭ᠎ᠠ ᠲᠠᠢ ᠲᠠᠷᠢᠶᠠᠴᠢᠨ ᠮᠠᠯᠴᠢᠨ ᠡᠷᠦᠬᠡ ᠳᠤ ᠡᠪᠤᠯ ᠤᠨ ᠲᠤᠯᠠᠭᠠᠯᠭ᠎ᠠ ᠶᠢᠨ ᠨᠡᠬᠦᠷᠡᠰᠦᠨ ᠤ ᠨᠦᠬᠦᠪᠦᠷᠢ ᠥᠭᠬᠦ ᠠᠵᠢᠯ ᠤᠨ ᠲᠤᠬᠠᠢ ᠮᠡᠳᠡᠭᠳᠡᠯ》 ᠲᠠᠷᠬᠠᠭᠠᠵᠤ᠂ ᠡᠯ᠎ᠡ ᠭᠠᠵᠠᠷ ᠤᠷᠤᠨ ᠲᠤᠤᠷ᠎ᠠ ᠤᠷᠤᠯᠭ᠎ᠠ ᠲᠠᠢ ᠲᠠᠷᠢᠶᠠᠴᠢᠨ ᠮᠠᠯᠴᠢᠨ ᠡᠷᠦᠬᠡ ᠶᠢ ᠰᠢᠯᠭᠠᠨ ᠬᠠᠷᠭᠤᠭᠤᠯᠵᠤ᠂ ᠨᠥᠬᠦᠪᠦᠷᠢ ᠥᠭᠬᠦ ᠠᠵᠢᠯ ᠢ ᠬᠢᠨᠠᠮᠠᠭᠠᠢ ᠬᠢᠵᠤ᠂ ᠦᠪᠡᠷᠳᠡᠬᠡᠨ ᠵᠠᠰᠠᠬᠤ ᠤᠷᠤᠨ ᠤ ᠲᠤᠭᠳᠠᠭᠠᠯ ᠶᠤᠰᠤᠭᠠᠷ ᠡᠷᠦᠬᠡ ᠪᠦᠷᠢ ᠳᠤ ᠵᠢᠯ ᠳᠤ 600 ᠲᠦᠭᠦᠷᠢᠭ᠌ ᠤᠨ ᠪᠠᠷᠢᠮᠵᠢᠶ᠎ᠠ ᠪᠡᠷ ᠨᠥᠬᠦᠪᠦᠷᠢ ᠥᠭᠭᠦᠨ᠎ᠡ ᠭᠡᠵᠡᠢ᠃

    ᠲᠠᠷᠠᠭᠠᠴᠢ ᠶᠢᠨ ᠠᠯᠬᠤᠮ ᠳᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠢᠨᠠᠨ ᠪᠠᠶᠢᠴᠠᠭᠠᠬᠤ ᠠᠯᠪᠠ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠤᠯᠪᠤᠭᠳᠠᠨ ᠠᠵᠢᠯ ᠤᠨ ᠠᠬᠢᠴᠠ ᠤᠳᠠᠭᠠᠨ ᠪᠠᠶᠢᠭ᠎ᠠ ᠠᠶᠢᠮᠠᠭ ᠬᠤᠳᠠ ᠶᠢ ᠬᠢᠨᠠᠨ ᠪᠠᠶᠢᠴᠠᠭᠠᠨ᠎ᠠ᠃ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠡᠬᠦᠷᠡᠰᠦᠨ ᠤ ᠠᠵᠤ ᠦᠢᠯᠡᠳᠪᠦᠷᠢ ᠶᠢᠨ ᠲᠤᠪᠴᠢᠶ᠎ᠠ ᠠᠵᠢᠯ ᠤᠨ ᠬᠦᠴᠦᠯᠡᠴᠠ ᠪᠠᠨ ᠴᠢᠩᠭᠠᠳᠬᠠᠨ᠂ ᠨᠥᠬᠦᠪᠦᠷᠢ ᠥᠭᠭᠦ ᠶᠠᠪᠤᠴᠠ ᠳᠤ ᠤᠷᠤᠰᠢᠵᠤ ᠪᠤᠢ ᠠᠰᠠᠭᠤᠳᠠᠯ ᠢ ᠴᠠᠭ ᠲᠤᠬᠠᠢ ᠳᠤᠨᠢ ᠰᠢᠶ᠋ᠳᠪᠦᠷᠢᠯᠡᠵᠤ ᠠᠵᠢᠯ ᠢᠶᠡᠨ ᠡᠷᠳᠡᠬᠡᠨ ᠪᠡᠶᠡᠯᠡᠬᠦᠯᠬᠦ ᠪᠡᠷ ᠪᠤᠢ᠃

ᠢᠷᠡᠯᠳᠡ᠄ ᠦᠪᠦᠷ ᠮᠤᠩᠭ᠋ᠤᠯ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120691121913550