蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠠᠯᠪᠠ ᠬᠠᠭᠠᠭᠴᠢ ᠶᠢᠨ 1 ᠬᠦᠮᠦᠨ ᠡᠯᠰᠡᠬᠦ ᠬᠠᠮᠤᠭ ᠤᠨ ᠬᠠᠯᠠᠮᠰᠢᠯ ᠠᠵᠢᠯ ᠤᠨ ᠪᠠᠶᠢᠷᠢᠨ ᠳᠤ 1327 ᠬᠦᠮᠦᠨ ᠨᠡᠷ᠎ᠡ ᠪᠦᠷᠢᠳᠬᠡᠬᠦᠯᠵᠠᠢ

2017-11-07 17:15

    ᠬᠤᠯᠪᠤᠭᠳᠠᠯ ᠪᠦᠬᠦᠢ ᠪᠠᠶᠢᠭᠤᠯᠤᠯᠭ᠎ᠠ ᠶᠢᠨ ᠪᠦᠷᠢᠳᠬᠡᠯ ᠲᠤᠭ᠎ᠠ ᠶᠢ ᠦᠨᠳᠦᠰᠦᠯᠡᠪᠡᠯ᠂ ᠲᠤᠮᠳᠠᠳᠤ ᠤᠯᠤᠰ ᠤᠨ ᠲᠦᠯᠦᠪᠯᠡᠬᠡᠳᠤ ᠦᠷᠡᠵᠢᠯ ᠤᠨ ᠨᠡᠶᠢᠬᠡᠮᠯᠢᠭ᠌ ᠤᠨ ᠤᠯᠠᠨ ᠤᠯᠤᠰ ᠤᠨ ᠬᠠᠮᠳᠤᠷᠠᠯᠴᠠᠭᠠᠨ ᠤ ᠬᠡᠯᠳᠡᠰ ᠤᠨ ᠬᠤᠯᠪᠤᠭ᠎ᠠ ᠠᠪᠬᠤ ᠭᠠᠵᠠᠷ ᠤᠨ ᠡᠷᠬᠢᠯᠡᠭᠴᠢ ᠠᠵᠢᠯᠲᠠᠨ ᠤ ᠠᠵᠢᠯ ᠤᠨ ᠪᠠᠶᠢᠷᠢ ᠶᠢᠨ ᠦᠷᠢᠰᠦᠯᠳᠦᠬᠡᠨ ᠰᠢᠷᠦᠬᠦᠨ᠂ ᠨᠢᠬᠡ ᠯᠡ ᠬᠦᠮᠦᠨ ᠡᠯᠰᠡᠬᠦ ᠠᠵᠢᠯ ᠤᠨ ᠪᠠᠶᠢᠷᠢᠨ ᠳᠤ 1327 ᠬᠦᠮᠦᠨ ᠨᠡᠷ᠎ᠡ ᠪᠦᠷᠢᠳᠬᠡᠬᠦᠯᠪᠡ᠃ ᠭᠠᠳᠠᠭᠠᠳᠤ ᠬᠠᠷᠢᠯᠴᠠᠭᠠᠨ ᠤ ᠶᠠᠮᠤᠨ᠂ ᠪᠤᠭᠤᠮᠳᠠ᠂ ᠬᠢᠯᠢ ᠶᠢᠨ ᠪᠤᠭᠤᠮᠳᠠ ᠶᠢᠨ ᠬᠢᠨᠠᠨ ᠰᠢᠯᠭᠠᠬᠤ ᠬᠢᠵᠢᠭ᠌ ᠪᠠᠶᠢᠴᠠᠭᠠᠬᠤ ᠲᠦᠪ᠂ ᠪᠤᠯᠪᠠᠰᠤᠨ ᠬᠦᠴᠦᠨ ᠪᠤᠯᠤᠨ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠠᠷᠠᠯᠵᠢᠶᠠᠨ ᠤ ᠶᠠᠮᠤᠨ ᠵᠡᠷᠬᠡ ᠬᠠᠯᠠᠮᠰᠢᠯ ᠨᠡᠷ᠎ᠡ ᠪᠦᠷᠢᠳᠬᠡᠬᠦᠯᠬᠦ ᠰᠢᠰᠲ᠋ᠧᠮ ᠳᠤ ᠵᠥᠪᠬᠡᠨ ᠦᠴᠦᠭᠡᠳᠤᠷ ᠤᠨ ᠨᠡᠷ᠎ᠡ ᠪᠦᠷᠢᠳᠭᠡᠬᠦᠯᠦᠭᠰᠡᠨ ᠲᠤᠭ᠎ᠠ  3 ᠲᠦᠮᠡ ᠶᠢ ᠲᠠᠪᠠᠵᠠᠢ᠃

    ᠬᠡᠳᠡᠯ᠎ᠡ᠂ ᠦᠴᠦᠭᠡᠳᠤᠷ ᠪᠤᠯᠳᠠᠯ᠎ᠠ ᠮᠦᠨ 280 ᠠᠵᠢᠯ ᠤᠨ ᠪᠠᠶᠢᠷᠢᠨ ᠳᠤ ᠨᠡᠷ᠎ᠡ ᠪᠦᠷᠢᠳᠬᠡᠬᠦᠯᠬᠦ ᠬᠦᠮᠤᠨ ᠦᠭᠡᠢ ᠪᠠᠶᠢᠪᠠ᠃ ᠤᠯᠤᠰ ᠤᠨ ᠠᠯᠪᠠ ᠬᠠᠭᠠᠭᠴᠢ ᠶᠢᠨ ᠲᠤᠪᠴᠢᠶ᠎ᠠ ᠴᠦᠬᠡᠨ ᠬᠦᠮᠦᠰ ᠨᠡᠷ᠎ᠡ ᠪᠦᠷᠢᠳᠬᠡᠬᠦᠯᠵᠤ ᠪᠠᠶᠢᠭ᠎ᠠ ᠠᠵᠢᠯ ᠤᠨ ᠪᠠᠶᠢᠷᠢ ᠶᠢᠨ ᠰᠤᠷᠠᠭ ᠵᠠᠩᠬᠢ ᠶᠢ ᠦᠷᠬᠦᠯᠵᠢᠯᠡᠨ ᠨᠡᠶᠢᠳᠡᠯᠡᠵᠤ᠂ ᠰᠢᠯᠭᠠᠭᠤᠯᠤᠭᠰᠠᠳ ᠢ ᠦᠪᠡᠷ ᠤᠨ ᠪᠠᠶᠢᠳᠠᠯ ᠳᠤ ᠪᠠᠨ ᠵᠤᠬᠢᠴᠠᠭᠤᠯᠤᠨ ᠤᠶᠤᠨᠴᠢ ᠪᠡᠷ ᠠᠵᠢᠯ ᠤᠨ ᠪᠠᠶᠢᠷᠢ ᠪᠠᠨ ᠰᠤᠩᠭ᠋ᠤᠨ ᠨᠡᠷ᠎ᠡ ᠪᠦᠷᠢᠳᠬᠡᠬᠦᠯᠬᠦ ᠶᠢ ᠰᠠᠨᠠᠭᠤᠯᠵᠤ ᠪᠠᠶᠢᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121918055