蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ 3 ᠪᠦᠲᠦᠭᠡᠯ ᠳᠤᠮᠳᠠᠳᠤ ᠤᠯᠤᠰ ᠤᠨ ᠲᠦᠯᠦᠪᠯᠡᠭᠡᠲᠤ ᠦᠷᠡᠵᠢᠯ ᠤᠨ ᠨᠡᠶᠢᠭᠡᠮᠯᠢᠭ᠌ ᠤᠨ ᠰᠠᠶᠢᠨ ᠰᠤᠨᠢᠨ ᠮᠡᠳᠡᠭᠡᠨ ᠤ ᠱᠠᠩᠨᠠᠯ ᠲᠤᠰᠪᠠ

2017-11-07 17:18

    ᠳᠤᠮᠳᠠᠳᠤ ᠤᠯᠤᠰ ᠤᠨ ᠲᠦᠯᠦᠪᠯᠡᠭᠡᠲᠤ ᠦᠷᠡᠵᠢᠯ ᠤᠨ ᠨᠡᠶᠢᠭᠡᠮᠯᠢᠭ᠌ ᠡᠴᠡ ᠰᠠᠨᠠᠭᠠᠴᠢᠯᠠᠭᠰᠠᠨ ᠲᠦᠯᠦᠪᠯᠡᠭᠡᠲᠤ ᠦᠷᠡᠵᠢᠯ ᠤᠨ ᠨᠡᠶᠢᠭᠡᠮᠯᠢᠭ᠌ ᠤᠨ ᠰᠠᠶᠢᠨ ᠰᠤᠨᠢᠨ ᠮᠡᠳᠡᠭᠡ ᠰᠢᠯᠭᠠᠷᠠᠭᠤᠯᠬᠤ ᠠᠵᠢᠯᠯᠠᠭ᠎ᠠ ᠲᠦᠷᠦᠭᠦᠬᠡᠨ ᠳᠠᠭᠤᠰᠪᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ 3 ᠪᠦᠲᠦᠭᠡᠯ ᠱᠠᠩᠨᠠᠯ ᠲᠤᠰᠪᠠ᠃

    ᠦᠨᠦ ᠵᠢᠯ ᠤᠨ 4 ᠰᠠᠷ᠎ᠠ ᠡᠴᠡ ᠡᠬᠢᠯᠡᠭᠰᠡᠨ ᠲᠦᠯᠦᠪᠯᠡᠭᠡᠲᠤ ᠦᠷᠡᠵᠢᠯ ᠤᠨ ᠨᠡᠶᠢᠭᠡᠮᠯᠢᠭ᠌ ᠤᠨ ᠰᠠᠶᠢᠨ ᠰᠤᠨᠢᠨ ᠮᠡᠳᠡᠭᠡ ᠰᠢᠯᠭᠠᠷᠠᠭᠤᠯᠬᠤ ᠠᠵᠢᠯᠯᠠᠭ᠎ᠠ ᠶᠢᠨ ᠵᠤᠷᠢᠯᠭ᠎ᠠ ᠨᠢ ᠲᠦᠯᠦᠪᠯᠡᠭᠡᠲᠤ ᠦᠷᠡᠵᠢᠯ ᠤᠨ ᠨᠡᠶᠢᠭᠡᠮᠯᠢᠭ᠌ ᠤᠨ ᠤᠬᠠᠭᠤᠯᠭ᠎ᠠ ᠶᠢᠨ ᠠᠵᠢᠯ ᠢ ᠤᠯᠠᠮ ᠰᠠᠶᠢᠨ ᠬᠢᠵᠤ᠂ ᠥᠷᠭᠡᠨ ᠤᠯᠠᠨ ᠰᠤᠨᠢᠨ ᠮᠡᠳᠡᠭᠡᠨ ᠤ ᠠᠵᠢᠯᠲᠠᠳ ᠪᠤᠯᠤᠨ ᠲᠦᠯᠦᠪᠯᠡᠭᠡᠲᠤ ᠦᠷᠡᠵᠢᠯ ᠤᠨ ᠨᠡᠶᠢᠭᠡᠮᠯᠢᠭ᠌ ᠤᠨ ᠤᠬᠠᠭᠤᠯᠭ᠎ᠠ ᠶᠢᠨ ᠠᠵᠢᠯᠲᠠᠳ ᠤᠨ ᠰᠢᠯᠢᠳᠡᠭ ᠰᠤᠨᠢᠨ ᠮᠡᠳᠡᠭᠡᠨ ᠤ ᠪᠦᠲᠦᠭᠡᠯ ᠲᠤᠭᠤᠷᠪᠢᠬᠤ ᠶᠢ ᠵᠤᠷᠢᠭᠵᠢᠭᠤᠯᠵᠤ᠂ ᠲᠦᠯᠦᠪᠯᠡᠭᠡᠲᠤ ᠦᠷᠡᠵᠢᠯ ᠤᠨ ᠦᠢᠯᠡᠰ ᠤᠨ ᠦᠭᠡᠷᠡᠴᠢᠯᠡᠯᠲᠡ ᠬᠦᠭ᠍ᠵᠢᠯᠲᠠ ᠳᠤ ᠨᠠᠩ ᠰᠠᠶᠢᠨ ᠦᠢᠯᠡᠴᠢᠯᠡᠭᠦᠯᠬᠦ ᠶᠢᠨ ᠲᠦᠯᠦᠭᠡ ᠶᠤᠮ᠃

    ᠳᠤᠮᠳᠠᠳᠤ ᠤᠯᠤᠰ ᠤᠨ ᠲᠦᠯᠦᠪᠯᠡᠭᠡᠲᠤ ᠦᠷᠡᠵᠢᠯ ᠤᠨ ᠨᠡᠶᠢᠭᠡᠮᠯᠢᠭ᠌ ᠤᠯᠤᠰ ᠳᠠᠶᠠᠭᠠᠷ ᠤᠨ ᠡᠯ᠎ᠠ ᠪᠦᠰᠡ ᠨᠤᠲᠤᠭ ᠡᠴᠡ ᠳᠡᠪᠰᠢᠭᠦᠯᠦᠭᠰᠡᠨ 259 ᠰᠤᠨᠢᠨ ᠮᠡᠳᠡᠭᠡᠨ ᠤ ᠡᠬᠡ ᠪᠢᠴᠢᠭ᠌ ᠢ ᠬᠦᠯᠢᠶᠡᠨ ᠠᠪᠤᠪᠠ᠂ ᠡᠭᠦᠨ ᠳᠤ ᠮᠡᠳᠡᠭᠡ᠂ ᠮᠡᠳᠡᠭᠡᠯᠡᠯ᠂ ᠰᠢᠭᠦᠮᠵᠢ᠂ ᠨᠠᠶᠢᠷᠠᠭᠤᠯᠤᠯ ᠵᠡᠷᠭᠡ ᠤᠯᠠᠨ ᠲᠦᠷᠦᠯ ᠤᠨ ᠰᠤᠨᠢᠨ ᠮᠡᠳᠡᠭᠡᠨ ᠤ ᠰᠲ᠋ᠢᠯᠢ ᠲᠠᠢ᠃ ᠡᠳᠡᠭᠡᠷ ᠰᠤᠨᠢᠨ ᠮᠡᠳᠡᠭᠡᠨ ᠤ ᠪᠦᠲᠦᠭᠡᠯ ᠤᠳ ᠨᠢ ᠵᠦᠪ ᠶᠠᠷᠢᠶ᠎ᠠ ᠬᠡᠯᠡᠯᠴᠡᠭᠡ ᠶᠢ ᠤᠳᠤᠷᠢᠳᠤᠨ《ᠭᠤᠷᠪᠠ ᠲᠠᠢ ᠤᠶᠢᠷᠠᠳᠬᠤ》ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠤᠯ ᠰᠡᠳᠦᠪ ᠨᠢ ᠳᠤᠳᠤᠷᠬᠠᠢ᠂ ᠨᠡᠶᠢᠭᠡᠮ ᠤᠨ ᠦᠷ᠎ᠠ ᠨᠦᠯᠦᠭᠡ ᠰᠠᠶᠢᠨ ᠪᠠᠶᠢᠯ᠎ᠠ᠃ ᠲᠤᠰᠬᠠᠢ ᠮᠡᠷᠭᠡᠵᠢᠯᠲᠠᠳ ᠤᠨ ᠬᠢᠨᠠᠨ ᠰᠢᠯᠭᠠᠷᠠᠭᠤᠯᠤᠯᠲᠠ ᠶᠢ ᠦᠩᠭᠡᠷᠡᠭᠡᠭᠡᠳ ᠨᠢᠭᠡᠳᠦᠭᠡᠷ ᠨᠡᠷᠡᠰ ᠲᠤ 10᠂ ᠬᠤᠶᠠᠳᠤᠭᠠᠷ ᠨᠡᠷᠡᠰ ᠲᠤ 30᠂ ᠭᠤᠷᠪᠠᠳᠤᠭᠠᠷ ᠨᠡᠷᠡᠰ ᠲᠤ 50 ᠪᠦᠲᠦᠭᠡᠯ ᠴᠤᠯᠭᠤᠷᠠᠨ ᠭᠠᠷᠪᠠ᠃ ᠡᠭᠦᠨ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠤ ᠦᠷᠡᠵᠢᠯ ᠤᠨ ᠵᠦᠪᠯᠡᠯ ᠤᠨ ᠸᠠᠩ ᠳ᠋ᠦᠩ ᠮᠢᠩ ᠪᠤᠯᠤᠨ ᠬᠦᠬᠡᠬᠤᠲᠠ ᠶᠢᠨ ᠲᠦᠯᠦᠪᠯᠡᠭᠡᠲᠤ ᠦᠷᠡᠵᠢᠯ ᠤᠨ ᠨᠡᠶᠢᠭᠡᠮᠯᠢᠭ᠌ ᠤᠨ ᠵᠠᠩ ᠬᠠᠢ ᠴᠢᠩ ᠤᠨ ᠰᠤᠷᠪᠤᠯᠵᠢᠯᠠᠨ ᠪᠢᠴᠢᠭᠰᠡᠨ《ᠦᠪᠦᠷ ᠮᠣᠩᠭᠣᠯ ᠤᠨ ᠡᠯ᠎ᠠ ᠵᠡᠷᠭᠡᠯᠡᠯ ᠤᠨ ᠲᠦᠯᠦᠪᠯᠡᠭᠡᠲᠤ ᠦᠷᠡᠵᠢᠯ ᠤᠨ ᠨᠡᠶᠢᠭᠡᠮᠯᠢᠭ᠌ ᠢᠷᠭᠡᠳ ᠤᠨ ᠠᠮᠢᠵᠢᠷᠠᠭᠠᠨ ᠳ᠋ᠡᠬᠢ ᠦᠢᠯᠡᠴᠢᠯᠡᠭᠡ ᠡᠷᠴᠢᠮ ᠲᠠᠢ ᠶᠠᠪᠤᠭᠳᠠᠵᠤ ᠪᠤᠢ》ᠬᠡᠮᠡᠬᠦ ᠪᠦᠲᠦᠭᠡᠯ ᠨᠢ ᠬᠤᠶᠠᠳᠤᠭᠠᠷ ᠲᠤ ᠤᠷᠤᠪᠠ᠂ ᠤᠯᠠᠭᠠᠨᠬᠠᠲᠠ ᠬᠤᠲᠠ ᠶᠢᠨ ᠲᠦᠯᠦᠪᠯᠡᠭᠡᠲᠤ ᠦᠷᠡᠵᠢᠯ ᠤᠨ ᠨᠡᠶᠢᠭᠡᠮᠯᠢᠭ᠌ ᠤᠨ ᠵᠦ ᠵᠸᠨ ᠳ᠋ᠦᠩ ᠪᠤᠯᠤᠨ ᠢᠦᠢ ᠰᠢᠶᠤᠤ ᠭᠸᠨ ᠤ《ᠲᠤᠰᠬᠤᠨ ᠤ ᠨᠠᠰᠤᠵᠢᠯ ᠤᠨ ᠰᠢᠭᠤᠢ 》ᠵᠢᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠭᠡᠲᠤ ᠦᠷᠡᠵᠢᠯ ᠤᠨ ᠵᠦᠪᠯᠡᠯ ᠤᠨ ᠸᠠᠩ ᠳ᠋ᠦᠩ ᠮᠢᠩ ᠤᠨ ᠰᠤᠷᠪᠤᠯᠵᠢᠯᠠᠨ ᠪᠢᠴᠢᠭᠰᠡᠨ《ᠦᠪᠦᠷ ᠮᠣᠩᠭᠣᠯ ᠤᠨ ᠬᠢᠯᠢ ᠬᠢᠵᠠᠭᠠᠷ ᠵᠢᠷᠭᠠᠯᠲᠤ ᠭᠡᠷ ᠪᠦᠯᠢ ᠶᠢ ᠴᠤᠬᠴᠠᠯᠠᠵᠤ ᠪᠠᠶᠢᠨ᠎ᠠ》ᠬᠡᠮᠡᠬᠦ ᠪᠦᠲᠦᠭᠡᠯ ᠨᠢ ᠭᠤᠷᠪᠠᠳᠤᠭᠠᠷ ᠨᠡᠷᠡᠰ ᠲᠤ ᠲᠤᠳᠤᠷᠠᠭᠰᠠᠨ ᠪᠠᠶᠢᠨ᠎ᠠ᠃ (ᠵᠠᠩ ᠴᠢᠶᠠᠩ ᠸᠸᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121918137