蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠬᠤᠨᠢᠨ ᠤ ᠮᠢᠬ᠎ᠠ ᠨᠢᠰᠬᠦ ᠤᠩᠭ᠋ᠤᠴᠠᠨ ᠳᠤ《ᠰᠠᠭᠠᠳᠠᠵᠤ》 ᠤᠯᠤᠰ ᠳᠠᠶᠠᠭᠠᠷ ᠤᠨ ᠡᠯ᠎ᠠ ᠭᠠᠵᠠᠷ ᠲᠦ ᠬᠦᠷᠬᠦ ᠪᠤᠯᠤᠯ᠎ᠠ

2017-11-07 17:46

    10 ᠰᠠᠷ᠎ᠠ ᠶᠢᠨ 31 ᠤ ᠡᠳᠦᠷ᠂ 14 ᠲᠤᠨ ᠤ ᠲᠠᠭᠠᠭᠠᠴᠠ ᠲᠠᠢ ᠪᠸᠦᠶ᠊ᠢᠩ 737 ᠱᠦᠨ ᠹᠸᠩ᠋ ᠪᠠᠷᠠᠭᠠᠨ ᠤ ᠲᠡᠭᠡᠭᠡᠪᠤᠷᠢ ᠵᠢᠨ ᠨᠢᠰᠬᠦ ᠤᠩᠭ᠋ᠤᠴᠠ ᠬᠦᠬᠡᠬᠤᠳᠠ ᠵᠢᠨ ᠴᠠᠭᠠᠨ ᠰᠤᠪᠤᠷᠭ᠎ᠠ ᠨᠢᠰᠬᠦ ᠤᠩᠭ᠋ᠤᠴᠠ ᠤ ᠪᠠᠭᠤᠳᠠᠯ ᠳ᠋ᠦ ᠭᠠᠵᠠᠷᠳᠠᠪᠠ᠃ ᠲᠤᠰ ᠨᠢᠰᠬᠦ ᠤᠩᠭ᠋ᠤᠴᠠ ᠨᠢ ᠦᠪᠦᠷ ᠮᠣᠩᠭᠣᠯ ᠤᠨ ᠲᠦᠷᠭᠡᠨ ᠲᠠᠮᠵᠢᠭᠤᠯᠭ᠎ᠠ ᠵᠢᠨ ᠬᠤᠷᠳᠤᠴᠠ ᠦᠷ᠎ᠠ ᠪᠦᠳᠦᠮᠵᠢ ᠶ᠋ᠢ ᠲᠡᠭᠡᠭ᠍ᠰᠢᠯᠡᠬᠦᠯᠬᠦ ᠵᠢᠨ ᠵᠡᠷᠭᠡᠪᠡᠷ ᠦᠪᠦᠷ ᠮᠤᠩᠭ᠋ᠤᠯ ᠤᠨ ᠬᠤᠨᠢᠨ ᠤ ᠮᠢᠬ᠎ᠠ ᠶᠢ ᠤᠯᠤᠰ ᠳᠠᠶᠠᠭᠠᠷ ᠲᠤ ᠲᠡᠭᠡᠭᠡᠪᠤᠷᠢᠯᠡᠬᠦ ᠡᠭᠦᠷᠭᠡ ᠶᠢ ᠬᠦᠢᠴᠡᠳᠭᠡᠵᠦ ᠪᠠᠢᠢᠳᠠᠭ ᠶᠤᠮ᠃

    10 ᠰᠠᠷ᠎ᠠ ᠵᠢᠨ 31 ᠤ ᠡᠳᠦᠷ ᠤᠨ ᠠᠩᠬᠠᠨ ᠤ ᠠᠶᠠᠯᠠᠯ ᠳ᠋ᠦ ᠲᠤᠰ ᠪᠠᠷᠠᠭᠠᠨ ᠤ ᠨᠢᠰᠬᠦ ᠤᠩᠭ᠋ᠤᠴᠠ ᠨᠢ 8 ᠲᠤᠨ ᠬᠤᠨᠢᠨ ᠤ ᠮᠢᠬ᠎ᠠ ᠲᠡᠭᠡᠭᠡᠵᠦ ᠬᠠᠩᠵᠸᠦ ᠶ᠋ᠢ ᠴᠢᠭᠯᠡᠨ ᠨᠢᠰᠪᠡ᠃ ᠡᠪᠤᠯ ᠤᠨ ᠤᠯᠠᠷᠢᠯ ᠬᠦᠷᠴᠦ ᠢᠷᠡᠬᠦ ᠶᠢ ᠲᠠᠭᠠᠯᠳᠤᠨ ᠡᠳᠦᠷ ᠪᠦᠷᠢ ᠬᠤᠨᠢᠨ ᠤ ᠮᠢᠬ᠎ᠠ ᠭᠠᠳᠠᠭᠰᠢ ᠭᠠᠷᠭᠠᠬᠤ ᠬᠡᠮᠵᠢᠶ᠎ᠠ 10 ᠲᠤᠨ ᠤᠷᠴᠢᠮ ᠳ᠋ᠦ ᠬᠦᠷᠴᠦ ᠪᠠᠶᠢᠬᠤ ᠶᠢ ᠰᠤᠷᠪᠤᠯᠵᠢᠯᠠᠬᠴᠢ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠡ ᠤᠢᠢᠯᠠᠭᠠᠯ᠎ᠠ᠃

    ᠲᠤᠮᠳᠠᠳᠤ ᠤᠯᠤᠰ ᠤᠨ ᠬᠤᠨᠢᠨ ᠤ ᠮᠢᠬ᠎ᠠ ᠶᠢᠨ ᠭᠤᠤᠯ ᠭᠠᠷᠤᠯᠳᠠ ᠵᠢᠨ ᠤᠷᠤᠨ ᠪᠤᠯᠤᠭᠰᠠᠨ ᠦᠪᠦᠷ ᠮᠤᠩᠭ᠋ᠤᠯ ᠤᠨ ᠪᠡᠯᠴᠢᠭᠡᠷ ᠤᠨ ᠬᠤᠨᠢᠨ ᠤ ᠮᠢᠬ᠎ᠠ ᠬᠤᠯᠠ ᠤᠢᠢᠷ᠎ᠠ ᠳ᠋ᠦ ᠪᠡᠨ ᠠᠯᠳᠠᠷ ᠲᠠᠢ᠃ ᠭᠡᠬᠦ ᠳ᠋ᠦ 2015 ᠤᠨ ᠡᠴᠡ ᠡᠬᠢᠯᠡᠵᠦ ᠬᠤᠨᠢᠨ ᠤ ᠮᠢᠬ᠎ᠠ ᠶᠢᠨ ᠦᠨ᠎ᠠ ᠬᠠᠩᠰᠢ ᠶᠡᠬᠡᠪᠡᠷ ᠪᠠᠭᠤᠷᠠᠵᠤ᠂ ᠮᠠᠯᠴᠢᠳ ᠢ ᠭᠠᠴᠢᠭᠳᠠᠯᠳᠤ ᠪᠠᠢᠢᠳᠠᠯ ᠳ᠋ᠦ ᠤᠷᠤᠭᠤᠯᠤᠭᠰᠠᠨ ᠪᠤᠯ ᠡᠨᠡ ᠵᠢᠯ ᠤᠨ 8 ᠰᠠᠷ᠎ᠠ ᠡᠴᠡ ᠨᠠᠰᠢ᠂ ᠦᠪᠦᠷ ᠮᠤᠩᠭ᠋ᠤᠯ ᠤᠨ ᠬᠤᠨᠢᠨ ᠤ ᠮᠢᠬ᠎ᠠ ᠶᠢᠨ ᠦᠨ᠎ᠠ ᠬᠠᠩᠰᠢ ᠦᠷᠭᠦᠯᠵᠢᠯᠡᠨ ᠦᠰᠴᠦ᠂ ᠮᠠᠯ ᠤᠨ ᠠᠷᠠᠯᠵᠢᠶᠠᠨ ᠤ ᠵᠠᠷᠢᠮ ᠵᠠᠬ᠎ᠠ ᠲᠡᠯᠭᠡᠭᠦᠷ ᠲᠡᠭᠡᠷ᠎ᠠ ᠵᠤᠭᠤᠰ ᠢᠶᠡᠨ ᠪᠠᠷᠢᠭᠠᠳ ᠬᠤᠨᠢ ᠤᠯᠬᠤ ᠦᠭᠡᠢ ᠦᠵᠡᠭᠳᠡᠯ ᠭᠠᠷᠴᠠᠢ᠃ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠦᠨ᠎ᠠ ᠬᠠᠩᠰᠢ ᠶᠢ ᠬᠢᠨᠠᠨ ᠬᠡᠮᠵᠢᠬᠦ ᠲᠦᠪ ᠤᠨ ᠲᠤᠭ᠎ᠠ ᠪᠠᠷᠢᠮᠳᠠ ᠳ᠋ᠦ ᠬᠠᠷᠠᠭᠤᠯᠤᠭᠰᠠᠨ ᠢᠶᠡᠷ᠂ 8 ᠰᠠᠷ᠎ᠠ ᠳ᠋ᠦ᠂ ᠦᠪᠦᠷ ᠮᠤᠩᠭ᠋ᠤᠯ ᠤᠨ ᠠᠮᠢᠳᠤ ᠬᠤᠨᠢ ᠶᠢ ᠬᠤᠳᠠᠯᠳᠤᠨ ᠠᠪᠬᠤ ᠦᠨ᠎ᠠ 500 ᠭᠷᠠᠮ ᠪᠦᠷᠢ ᠳ᠋ᠦ 10.90 ᠲᠦᠭᠦᠷᠢᠭ᠌ ᠲᠦ ᠬᠦᠷᠴᠦ᠂ ᠲᠡᠭᠡᠷ᠎ᠠ ᠰᠠᠷ᠎ᠠ ᠵᠢᠨ ᠬᠢ ᠡᠴᠡ ᠪᠠᠨ 1.40 % ᠪᠡᠷ ᠦᠰᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 10.89 % ᠪᠡᠷ ᠦᠰᠴᠡᠢ᠃ 9 ᠰᠠᠷ᠎ᠠ ᠳ᠋ᠦ᠂ ᠠᠮᠢᠳᠤ ᠬᠤᠨᠢ ᠶᠢ ᠬᠤᠳᠠᠯᠳᠤᠨ ᠠᠪᠬᠤ ᠦᠨ᠎ᠠ 500 ᠭᠷᠠᠮ ᠪᠦᠷᠢ ᠳ᠋ᠦ 11.27 ᠲᠦᠭᠦᠷᠢᠭ᠌ ᠲᠦ ᠬᠦᠷᠴᠦ᠂ ᠲᠡᠭᠡᠷ᠎ᠠ ᠰᠠᠷ᠎ᠠ ᠵᠢᠨ ᠬᠢ ᠡᠴᠡ ᠪᠠᠨ 3.39 % ᠪᠡᠷ ᠦᠰᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 18.63 % ᠪᠡᠷ ᠦᠰᠴᠡᠢ᠃ ᠡᠨᠡ ᠵᠢᠯ ᠬᠤᠨᠢᠨ ᠤ ᠮᠢᠬ᠎ᠠ ᠶᠢᠨ ᠦᠨ᠎ᠠ ᠦᠰᠦᠭᠰᠡᠨ ᠨᠢ ᠨᠢᠭᠡ ᠳ᠋ᠦ ᠬᠤᠨᠢᠨ ᠤ ᠲᠤᠭ᠎ᠠ ᠬᠡᠮᠵᠢᠶ᠎ᠠ ᠴᠦᠬᠡᠷᠡᠭᠰᠡᠨ ᠲᠠᠢ ᠬᠤᠯᠪᠤᠭ᠎ᠠ ᠲᠠᠢ᠂ ᠬᠤᠶᠠᠷ ᠲᠦ ᠲᠠᠷᠭᠤ ᠬᠦᠴᠦ ᠠᠪᠤᠭᠰᠠᠨ ᠨᠢ ᠰᠠᠢᠢᠨ ᠡᠴᠡ ᠪᠤᠯᠵᠠᠢ ᠭᠡᠵᠦ ᠤᠯᠠᠩᠭᠢ ᠬᠦᠮᠦᠨ ᠦᠵᠡᠵᠦ ᠪᠤᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121919524