蒙古文网站Logo
ᠰᠢᠨᠬᠤᠸᠠ ᠮᠤᠩᠭ᠋ᠤᠯ ᠨᠧᠲ

12 ᠰᠠᠷ᠎ᠠ ᠶᠢᠨ 1 ᠤ ᠡᠳᠤᠷ ᠡᠴᠡ ᠡᠬᠢᠯᠡᠨ ᠮᠦᠩᠬᠦᠨ ᠬᠦᠢᠯᠬᠡᠬᠡᠨ ᠤ ᠪᠠᠶᠢᠭᠤᠯᠤᠮᠵᠢ ᠡᠴᠡ ᠵᠢᠵᠢᠭ᠌ ᠺᠤᠮᠫᠠᠨᠢ ᠨᠤᠭᠤᠳ ᠲᠤ ᠲᠠᠯᠪᠢᠬᠰᠠᠨ ᠵᠢᠭᠡᠯᠡᠯᠬᠡ ᠶᠢᠨ ᠬᠦᠦ ᠮᠦᠩᠬᠦ ᠡᠴᠡ ᠨᠡᠮᠡᠭᠳᠡᠯ ᠦᠷᠳᠡᠭ ᠤᠨ ᠭᠠᠶᠢᠯᠢ  ᠬᠤᠷᠢᠶᠠᠬᠤ ᠦᠭᠡᠢ

2017-11-07 17:02

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ᠎ᠠ ᠶᠢᠨ 6 ᠤ ᠡᠳᠤᠷ ᠤᠨ ᠴᠠᠬᠢᠯᠭᠠᠨ ᠮᠡᠳᠡᠬᠡ   ᠵᠢᠵᠢᠭ᠌ ᠺᠤᠮᠫᠠᠨᠢ ᠨᠤᠭᠤᠳ ᠤᠨ ᠬᠦᠷᠦᠩᠬᠡ ᠬᠤᠷᠠᠮᠳᠤᠭᠤᠯᠬᠤ ᠳᠤ ᠬᠦᠴᠢᠷ᠂ ᠦᠨ᠎ᠡ ᠥᠨᠳᠦᠷ ᠪᠠᠶᠢᠭ᠎ᠠ ᠪᠠᠶᠢᠳᠠᠯ ᠢ ᠨᠠᠮᠳᠠᠭᠤᠯᠬᠤ ᠶᠢᠨ ᠲᠦᠯᠦᠬᠡ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠡᠷᠦᠩᠬᠡᠢ ᠲᠤᠪᠴᠢᠶ᠎ᠠ ᠡᠮᠦᠨᠡᠬᠡᠨ 《ᠵᠢᠵᠢᠭ᠌ ᠺᠤᠮᠫᠠᠨᠢ ᠨᠤᠭᠤᠳ ᠤᠨ ᠬᠦᠷᠦᠩᠬᠡ ᠬᠤᠷᠠᠮᠳᠤᠭᠤᠯᠬᠤ ᠭᠠᠶᠢᠯᠢ ᠲᠠᠳᠠᠪᠤᠷᠢ ᠶᠢᠨ ᠲᠦᠷᠦ ᠶᠢᠨ ᠪᠤᠳᠤᠯᠭ᠎ᠠ ᠶᠢᠨ ᠲᠤᠬᠠᠢ ᠮᠡᠳᠡᠭᠳᠡᠯ》 ᠢ ᠲᠠᠷᠤᠮᠠᠯᠯᠠᠨ ᠲᠠᠷᠬᠠᠭᠠᠵᠤ᠂ 2017 ᠤᠨ ᠤ 12 ᠰᠠᠷ᠎ᠠ ᠶᠢᠨ 1 ᠤ ᠡᠳᠤᠷ ᠡᠴᠡ 2019 ᠤᠨ ᠤ 12 ᠰᠠᠷ᠎ᠠ ᠶᠢᠨ 3 ᠤ ᠡᠳᠤᠷ ᠪᠤᠯᠳᠠᠯ᠎ᠠ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠪᠠᠭ᠎ᠠ ᠵᠢᠭᠡᠯᠡᠯᠬᠡ ᠡᠴᠡ ᠤᠯᠤᠭᠰᠠᠨ ᠬᠦᠦ ᠮᠦᠩᠬᠦ ᠡᠴᠡ ᠨᠡᠮᠡᠭᠳᠡᠯ ᠦᠷᠳᠡᠭ ᠤᠨ ᠭᠠᠶᠢᠯᠢ ᠬᠤᠷᠢᠶᠠᠬᠤ ᠦᠭᠡᠢ ᠲᠦᠷᠦ ᠶᠢᠨ ᠪᠤᠳᠤᠯᠭ᠎ᠠ ᠶᠢ ᠲᠠᠷᠢᠶᠠᠴᠢᠨ ᠡᠷᠦᠬᠡ ᠡᠴᠡ ᠵᠢᠵᠢᠭ᠌ ᠺᠤᠮᠫᠠᠨᠢ ᠪᠤᠯᠤᠨ ᠬᠤᠪᠢ ᠶᠢᠨ ᠠᠵᠤ ᠦᠢᠯᠡᠳᠪᠦᠷᠢ ᠶᠢᠨ ᠡᠷᠦᠬᠡ ᠳᠤ ᠬᠦᠷᠳᠡᠯ᠎ᠡ ᠦᠷᠭᠡᠳᠭᠡᠨ᠎ᠠ ᠬᠡᠵᠤ ᠲᠤᠳᠤᠷᠬᠠᠶᠢᠯᠠᠵᠠᠢ᠃

    ᠮᠡᠳᠡᠭᠳᠡᠯ ᠳᠤ᠂ 2018 ᠤᠨ ᠤ 1 ᠰᠠᠷ᠎ᠠ ᠶᠢᠨ 1 ᠤ ᠡᠳᠤᠷ ᠡᠴᠡ 2020 ᠤᠨ ᠤ 12 ᠰᠠᠷ᠎ᠠ ᠶᠢᠨ 31 ᠤ ᠡᠳᠤᠷ ᠪᠤᠯᠳᠠᠯ᠎ᠠ᠂ ᠮᠦᠩᠬᠦᠨ ᠬᠦᠢᠯᠬᠡᠬᠡᠨ ᠤ ᠪᠠᠶᠢᠭᠤᠯᠤᠮᠵᠢ ᠵᠢᠵᠢᠭ᠌ ᠺᠤᠮᠫᠠᠨᠢ ᠨᠤᠭᠤᠳ ᠲᠠᠢ ᠭᠠᠷ ᠤᠨ ᠦᠰᠦᠭ ᠵᠢᠷᠤᠭᠰᠠᠨ ᠵᠢᠭᠡᠯᠡᠯᠬᠡ ᠶᠢᠨ ᠮᠦᠩᠬᠦ ᠶᠢᠨ ᠬᠡᠷ᠎ᠡ ᠶᠢᠨ ᠲᠠᠳᠠᠪᠤᠷᠢ ᠶᠢᠨ ᠭᠠᠶᠢᠯᠢ ᠶᠢ ᠬᠡᠯᠳᠤᠷᠢᠬᠦᠯᠤᠨ᠎ᠠ ᠭᠡᠵᠤ ᠲᠤᠷᠠᠳᠴᠠᠢ᠃

    ᠡᠬᠦᠨ ᠡᠴᠡ ᠭᠠᠳᠠᠨ᠎ᠠ᠂ ᠵᠢᠵᠢᠭ᠌ ᠺᠤᠮᠫᠠᠨᠢ ᠨᠤᠭᠤᠳ ᠤᠨ ᠬᠦᠭ᠍ᠵᠢᠯᠳᠡ ᠶᠢ ᠲᠡᠮᠵᠢᠬᠦ ᠶᠢᠨ ᠲᠦᠯᠦᠬᠡ᠂ ᠡᠳ᠋ ᠤᠨ ᠵᠠᠰᠠᠭ ᠤᠨ ᠶᠠᠮᠤᠨ᠂ ᠭᠠᠶᠢᠯᠢ ᠲᠠᠳᠠᠪᠤᠷᠢ ᠶᠢᠨ ᠶᠡᠷᠦᠩᠬᠡᠢ ᠲᠤᠪᠴᠢᠶ᠎ᠠ ᠤᠶᠢᠷ᠎ᠠ ᠳᠤ 《ᠵᠢᠵᠢᠭ᠌ ᠺᠤᠮᠫᠠᠨᠢ ᠨᠤᠭᠤᠳ ᠤᠨ ᠨᠡᠮᠡᠭᠳᠡᠯ ᠦᠷᠳᠡᠭ ᠤᠨ ᠭᠠᠶᠢᠯᠢ ᠲᠠᠳᠠᠪᠤᠷᠢ ᠶᠢᠨ ᠲᠦᠷᠦ ᠶᠢᠨ ᠪᠤᠳᠤᠯᠭ᠎ᠠ ᠶᠢᠨ ᠲᠤᠬᠠᠢ ᠮᠡᠳᠡᠭᠳᠡᠯ》 ᠢ ᠲᠠᠷᠤᠮᠠᠯᠯᠠᠨ ᠲᠠᠷᠬᠠᠭᠠᠵᠤ᠂ 2018 ᠤᠨ ᠤ 1 ᠰᠠᠷ᠎ᠠ ᠶᠢᠨ 1 ᠤ ᠡᠳᠤᠷ ᠡᠴᠡ 2020 ᠤᠨ ᠤ 12 ᠰᠠᠷ᠎ᠠ ᠶᠢᠨ 31 ᠤ ᠡᠳᠤᠷ ᠪᠤᠯᠳᠠᠯ᠎ᠠ ᠰᠠᠷ᠎ᠠ ᠳᠤ  2 ᠡᠴᠡ 3 ᠲᠦᠮᠡᠨ ᠲᠦᠭᠦᠷᠢᠭ᠌ ᠤᠨ ᠤᠷᠤᠯᠭ᠎ᠠ ᠲᠠᠢ ᠭᠠᠶᠢᠯᠢ ᠲᠤᠰᠢᠶᠠᠭᠴᠢ ᠡᠴᠡ ᠨᠡᠮᠡᠭᠳᠡᠯ ᠦᠷᠳᠡᠭ ᠤᠨ ᠭᠠᠶᠢᠯᠢ ᠲᠠᠳᠠᠪᠤᠷᠢᠯᠠᠬᠤ ᠦᠭᠡᠢ ᠬᠡᠵᠡᠢ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121919536