蒙古文网站Logo
ᠰᠢᠨᠬᠤᠸᠠ ᠮᠤᠩᠭ᠋ᠤᠯ ᠨᠧᠲ

2030 ᠤᠨ ᠪᠤᠯᠬᠤ ᠳᠤ ᠦᠪᠦᠷ ᠮᠤᠩᠭ᠋ᠤᠯ 15 ᠮᠢᠨᠦ᠋ᠲ ᠤᠨ ᠦᠨᠳᠦᠰᠦᠨ ᠡᠮᠨᠡᠯᠬᠡ ᠡᠷᠡᠬᠦᠯ ᠮᠡᠨᠳᠤ ᠦᠢᠯᠡᠴᠢᠯᠡᠭᠡᠨ ᠤ ᠤᠷᠴᠢᠨ ᠢ ᠪᠤᠢ ᠪᠤᠯᠭᠠᠨ᠎ᠠ

2017-11-08 11:46

    ᠡᠮᠦᠨᠡᠬᠡᠨ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ 《 〈 ᠡᠷᠡᠬᠦᠯ ᠡᠩᠬᠡ ᠦᠪᠦᠷ ᠮᠤᠩᠭ᠋ᠤᠯ 2030〉ᠬᠡᠷᠡᠭᠵᠢᠬᠦᠯᠬᠦ ᠲᠦᠰᠦᠯ》 ᠢ ᠲᠤᠷᠠᠳᠴᠠᠢ᠃ ᠲᠦᠰᠦᠯ ᠳᠤ᠂ ᠡᠮᠨᠡᠯᠬᠡ ᠶᠢᠨ ᠦᠢᠯᠡᠴᠢᠯᠡᠬᠡᠨ ᠤ ᠴᠢᠳᠠᠪᠬᠢ ᠶᠢᠨ ᠪᠠᠶᠢᠭᠤᠯᠤᠯᠳᠠ ᠶᠢ ᠴᠢᠩᠭ᠋ᠠᠳᠬᠠᠨ᠂ ᠢᠷᠭᠡᠳ ᠲᠤ ᠡᠷᠡᠬᠦᠯ ᠮᠡᠨᠳᠤ ᠶᠢᠨ ᠦᠢᠯᠡᠴᠢᠯᠡᠬᠡ ᠬᠠᠩᠭ᠋ᠠᠵᠤ᠂ 2030 ᠤᠨ ᠪᠤᠯᠬᠤ ᠳᠤ ᠡᠮᠨᠡᠯᠬᠡ ᠡᠷᠡᠬᠦᠯ ᠮᠡᠨᠳᠤ ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠵᠤ 15 ᠮᠢᠨᠦ᠋ᠲ ᠤᠨ ᠦᠨᠳᠦᠰᠦᠨ ᠡᠮᠨᠡᠯᠬᠡ ᠡᠷᠡᠬᠦᠯ ᠮᠡᠨᠳᠤ ᠶᠢᠨ ᠦᠢᠯᠡᠴᠢᠯᠡᠬᠡᠨ ᠤ ᠤᠷᠴᠢᠨ ᠢ ᠪᠤᠢ ᠪᠤᠯᠭᠠᠬᠤ ᠪᠡᠷ ᠪᠤᠢ᠃

    ᠲᠤᠳᠤᠷᠠᠭᠤᠯᠪᠠᠯ᠂ ᠡᠮᠴᠢᠯᠡᠬᠡᠨ ᠤ ᠴᠢᠨᠰᠠᠭ᠎ᠠ ᠶᠢᠨ ᠠᠶᠤᠯᠬᠦᠢ ᠶᠢ ᠪᠠᠳᠤᠯᠬᠠᠤ᠂ ᠡᠮᠴᠢᠯᠡᠬᠡᠨ ᠤ ᠠᠷᠭ᠎ᠠ ᠶᠢᠨ ᠬᠠᠮᠢᠶᠠᠷᠤᠯᠳᠠ᠂ ᠤᠨᠤᠰᠢᠯᠠᠬᠤ ᠠᠵᠢᠯᠯᠠᠭ᠎ᠠ ᠶᠢᠨ ᠲᠦᠷᠢᠮᠵᠢᠯ ᠵᠡᠷᠬᠡ ᠶᠢ ᠪᠦᠬᠦ ᠲᠠᠯ᠎ᠠ ᠪᠡᠷ ᠬᠡᠷᠡᠭᠵᠢᠬᠦᠯᠬᠦ᠂ ᠬᠡᠷ ᠤᠨ ᠡᠮᠴᠢ ᠶᠢᠨ ᠬᠡᠷ᠎ᠡ ᠲᠤᠭᠳᠠᠬᠤ ᠠᠵᠢᠯᠯᠠᠭ᠎ᠠ ᠶᠢ ᠦᠷᠨᠢᠬᠦᠯᠬᠦ᠂ ᠦᠪᠡᠷᠳᠡᠬᠡᠨ ᠵᠠᠰᠠᠬᠤ ᠤᠷᠤᠨ ᠤ ᠵᠡᠷᠭᠡᠯᠡᠯ ᠤᠨ ᠰᠢᠯᠢᠳᠡᠭ ᠡᠮᠨᠡᠯᠬᠡ ᠶᠢᠨ ᠪᠠᠶᠢᠭᠤᠯᠤᠯᠳᠠ ᠶᠢ ᠴᠢᠩᠭ᠋ᠠᠳᠬᠠᠬᠤ᠂ ᠦᠨᠳᠦᠰᠦᠨ ᠱᠠᠳᠤᠨ ᠤ ᠡᠷᠡᠬᠦᠯ ᠮᠡᠨᠳᠤ ᠦᠢᠯᠡᠴᠢᠯᠡᠬᠡᠨ ᠤ ᠲᠠᠰᠤᠭ ᠤᠨ ᠴᠢᠳᠠᠪᠬᠢ ᠶᠢᠨ ᠪᠠᠶᠢᠭᠤᠯᠤᠯᠳᠠ ᠶᠢᠨ ᠲᠦᠰᠦᠯ ᠢ ᠭᠡᠷᠡᠭᠵᠢᠬᠦᠯᠤᠨ ᠬᠤᠰᠢᠭᠤ ᠰᠢᠶᠠᠨ(ᠰᠤᠮᠤ ᠪᠠᠯᠭᠠᠰᠤ ᠢᠢ ᠪᠠᠭᠳᠠᠭᠠᠨ᠎ᠠ) ᠤ ᠵᠡᠷᠭᠡᠯᠡᠯ ᠤᠨ ᠡᠮᠨᠡᠯᠬᠡ ᠡᠷᠡᠬᠦᠯ ᠮᠡᠨᠳᠤ ᠶᠢᠨ ᠪᠠᠶᠢᠭᠤᠯᠤᠮᠵᠢ ᠶᠢ ᠡᠷᠴᠢᠮᠵᠢᠬᠦᠯᠬᠦ᠂ ᠡᠷᠡᠬᠦᠯᠵᠢᠬᠦ᠂ ᠠᠷᠬᠠᠭ ᠡᠪᠡᠳᠴᠢᠨ ᠤ ᠬᠠᠮᠢᠶᠠᠷᠤᠯᠳᠠ᠂ ᠤᠷᠳᠤ ᠬᠤᠭᠤᠴᠠᠭ᠎ᠠ ᠪᠡᠷ ᠰᠤᠪᠢᠯᠠᠬᠤ ᠵᠡᠷᠬᠡ ᠦᠷᠬᠦᠯᠵᠢ ᠶᠢᠨ ᠴᠢᠨᠠᠷ ᠲᠠᠢ ᠡᠮᠨᠡᠯᠬᠡ ᠶᠢᠨ ᠪᠠᠶᠢᠭᠤᠯᠤᠮᠵᠢ ᠶᠢ ᠪᠠᠶᠢᠭᠤᠯᠬᠤ ᠶᠢ ᠴᠢᠩᠭ᠋ᠠᠳᠬᠠᠨ᠎ᠠ᠃

ᠢᠷᠡᠯᠳᠡ᠄ • ᠦᠪᠦᠷ ᠮᠤᠩᠭ᠋ᠤᠯ ᠤᠨ ᠰᠤᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121922460