蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠭ᠍ᠵᠢᠭᠦᠯᠦᠯᠲᠠ ᠦᠭᠡᠷᠡᠴᠢᠯᠡᠯᠲᠡ ᠶᠢᠨ ᠵᠦᠪᠯᠡᠯ ᠡᠴᠡ ᠦᠴᠤᠸᠠᠠ ᠰᠢᠶᠠᠨ ᠳᠤ ᠡᠳ᠋ ᠪᠠᠷᠠᠭ᠎ᠠ ᠬᠠᠨᠳᠢᠪᠯᠡᠪᠡ

2017-11-08 14:12

    ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ《ᠬᠤᠶᠠᠷ ᠢ ᠰᠤᠷᠴᠤ ᠬᠢᠷᠢ ᠳᠡᠩᠴᠡᠭᠰᠡᠨ ᠨᠠᠮ ᠤᠨ ᠬᠡᠰᠢᠬᠦᠨ ᠪᠤᠯᠬᠤ》 ᠶ᠋ᠢ ᠰᠤᠷᠤᠯᠴᠠᠬᠤ ᠰᠤᠷᠭᠠᠨ ᠬᠦᠮᠦᠵᠢᠯ ᠤᠨ ᠬᠡᠪᠰᠢᠨ ᠳᠦᠷᠢᠮᠵᠢᠭᠦ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷ ᠠᠵᠢᠯᠲᠠᠳ ᠤᠨ ᠤᠯᠤᠰ ᠢᠶᠡᠨ ᠬᠠᠶᠢᠷᠠᠯᠠᠬᠤ ᠵᠤᠷᠢᠭ ᠰᠠᠨᠠᠭ᠎ᠠ ᠪᠤᠯᠤᠨ ᠠᠷᠠᠳ ᠲᠦᠮᠡᠨ ᠳᠤ ᠦᠢᠯᠡᠴᠢᠯᠡᠬᠦ ᠤᠬᠠᠮᠰᠠᠨᠷ ᠢ ᠤᠯᠠᠮ ᠰᠠᠢᠢᠨ ᠲᠠᠢᠢᠴᠢᠯᠠᠬᠤ ᠶᠢᠨ ᠲᠦᠯᠦᠭᠡ 11 ᠰᠠᠷ᠎ᠠ ᠶᠢᠨ 6 ᠤ ᠡᠳᠦᠷ ᠤᠨ ᠦᠳᠡ ᠡᠴᠡ ᠡᠮᠦᠨ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠭ᠍ᠵᠢᠭᠦᠯᠦᠯᠲᠠ ᠦᠭᠡᠷᠡᠴᠢᠯᠡᠯᠲᠡ ᠶᠢᠨ ᠵᠦᠪᠯᠡᠯ ᠤᠨ ᠪᠠᠶᠢᠭᠤᠯᠤᠯᠭ᠎ᠠ ᠶᠢᠨ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠲᠤᠭᠤᠢᠢᠯᠠᠡᠭ ᠤᠨ ᠬᠠᠮᠲᠤᠷᠠᠭᠰᠠᠨ ᠨᠠᠮ ᠤᠨ ᠡᠭᠦᠷ᠂ ᠢᠷᠭᠡᠳ ᠤᠨ ᠰᠠᠩᠬᠦᠦ ᠡᠳ᠋ ᠤᠨ ᠵᠠᠰᠠᠭ ᠤᠨ ᠳᠠᠶᠢᠴᠢᠯᠠᠯᠭ᠎ᠠ ᠶᠢᠨ ᠠᠯᠪᠠᠨ ᠤ ᠨᠠᠮ ᠤᠨ ᠡᠭᠦᠷ ᠪᠤᠯᠤᠨ ᠵᠡᠭᠦᠨ ᠪᠦᠰᠡ ᠨᠤᠲᠤᠭ ᠢ ᠰᠡᠷᠭᠦᠭᠡᠨ ᠬᠦᠭ᠍ᠵᠢᠭᠦᠯᠬᠦ ᠭᠠᠵᠠᠷ ᠪᠤᠯᠤᠨ ᠰᠡᠷᠭᠦᠭᠡᠨ ᠬᠦᠭ᠍ᠵᠢᠭᠦᠯᠵᠤ ᠵᠤᠬᠢᠴᠠᠭᠤᠯᠬᠤ ᠭᠠᠵᠠᠷ ᠤᠨ ᠬᠠᠮᠲᠤᠷᠠᠭᠰᠠᠨ ᠨᠠᠮ ᠤᠨ ᠡᠭᠦᠷ ᠦᠴᠤᠸᠠᠠ ᠰᠢᠶᠠᠨ ᠳᠤ ᠬᠦᠷᠴᠤ《ᠠᠮᠠᠯᠠᠯᠲᠠ ᠪᠠᠨ ᠮᠠᠷᠲᠠᠬᠤ ᠦᠭᠡᠢ᠂ ᠡᠭᠦᠷᠭᠡ ᠬᠠᠷᠢᠭᠤᠴᠠᠯᠭ᠎ᠠ ᠪᠡᠨ ᠪᠠᠲᠤ ᠴᠡᠭᠡᠵᠢᠯᠡᠵᠤ᠂ ᠦᠷᠭᠦᠯᠵᠢᠯᠡᠨ ᠤᠷᠤᠭᠰᠢᠯᠠᠬᠤ》 ᠪᠡᠷ ᠭᠤᠤᠯ ᠰᠡᠳᠦᠪ  ᠪᠤᠯᠭᠠᠭᠰᠠᠨ ᠬᠠᠮᠲᠤᠷᠠᠭᠰᠠᠨ ᠨᠠᠮ ᠤᠨ ᠡᠳᠦᠷ ᠤᠨ ᠠᠵᠢᠯᠯᠠᠭ᠎ᠠ ᠶᠢ ᠵᠤᠬᠢᠶᠠᠨ ᠪᠠᠶᠢᠭᠤᠯᠪᠠ᠃

    ᠠᠮᠢᠳᠤᠷᠠᠯ ᠨᠢ ᠶᠠᠳᠠᠭᠤ ᠬᠦᠴᠢᠷᠳᠡᠯᠲᠠᠢ ᠬᠦᠮᠦᠰ ᠢ ᠦᠨᠡᠨᠬᠦ ᠳᠡᠮᠵᠢᠬᠦ ᠶᠢᠨ ᠲᠦᠯᠦᠭᠡ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠭ᠍ᠵᠢᠭᠦᠯᠦᠯᠲᠠ ᠦᠭᠡᠷᠡᠴᠢᠯᠡᠯᠲᠡ ᠶᠢᠨ ᠵᠦᠪᠯᠡᠯ ᠡᠴᠡ ᠸᠸᠢ ᠵᠢᠢ ᠴᠸᠩ ᠲᠢᠶᠡᠨ ᠯᠠᠢ ᠭᠠᠯᠲᠤ ᠲᠷᠭᠡᠨ ᠤ ᠬᠠᠯᠠᠮᠵᠢ ᠶᠢᠨ ᠹᠤᠨᠳ᠋ ᠲᠠᠢ ᠬᠠᠮᠲᠤᠷᠠᠨ ᠰᠤᠨᠤᠰᠬᠠᠯ ᠤᠨ ᠠᠫᠫᠠᠷᠡᠲ᠂ ᠬᠦᠨᠵᠢᠯᠡ ᠵᠡᠷᠭᠡ ᠶᠢ ᠬᠠᠨᠳᠢᠪᠯᠡᠬᠤ ᠬᠠᠯᠠᠮᠵᠢ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠵᠠᠢ᠃ ᠲᠤᠰ ᠤᠳᠠᠭ᠎ᠠ ᠦᠴᠤᠸᠠᠠ ᠤ ᠰᠤᠨᠤᠰᠬᠠᠯ ᠤᠨ ᠪᠡᠷᠬᠡᠰᠢᠶᠡᠯ ᠲᠠᠢ ᠬᠦᠮᠦᠰ ᠪᠤᠯᠤᠨ ᠶᠠᠳᠠᠭᠤ ᠬᠦᠴᠢᠷᠳᠡᠯᠲᠠᠢ ᠡᠷᠦᠬᠡ ᠳᠤ ᠶᠡᠷᠦᠩᠬᠡᠢ ᠦᠷᠲᠡᠭ ᠨᠢ 405 ᠲᠦᠮᠡᠨ ᠲᠦᠬᠦᠷᠢᠭ᠌ ᠪᠦᠬᠦᠢ 2000 ᠰᠤᠨᠤᠰᠬᠠᠯ ᠤᠨ ᠠᠫᠫᠠᠷᠡᠲ ᠪᠤᠯᠤᠨ 100 ᠬᠦᠨᠵᠢᠯᠡ ᠬᠠᠨᠳᠢᠪᠯᠡᠬᠰᠠᠨ ᠪᠠᠶᠢᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121923491