蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠳᠤᠮᠳᠠ ᠪᠠᠷᠠᠭᠤᠨ ᠪᠦᠰᠡ ᠶᠢᠨ ᠨᠡᠶ᠋ᠮᠡᠨ ᠠᠶᠢᠮᠠᠭ ᠬᠤᠲᠠ ᠴᠦᠮ ᠪᠤᠭᠤᠮᠲᠠ ᠲᠠᠢ ᠪᠤᠯᠪᠠ

2017-11-09 13:51

    ᠰᠤᠷᠪᠤᠯᠵᠢᠯᠠᠭᠴᠢ ᠬᠦᠬᠡᠬᠤᠲᠠ ᠪᠤᠭᠤᠮᠲᠠ ᠡᠴᠡ ᠤᠶᠢᠯᠠᠭᠠᠭᠰᠠᠨ ᠢᠶᠡᠷ᠂ 11 ᠰᠠᠷ᠎ᠠ ᠶᠢᠨ 8 ᠤ ᠡᠳᠦᠷ᠂ ᠦᠬᠠᠢ ᠪᠤᠭᠤᠮᠲᠠ ᠵᠢᠩᠬᠢᠨᠢ ᠪᠡᠷ ᠠᠵᠢᠯ ᠶᠢᠡᠨ ᠡᠬᠢᠯᠡᠵᠤ᠂ ᠭᠠᠳᠠᠭᠠᠲᠤ ᠳᠤ ᠪᠤᠭᠤᠮᠲᠠ ᠶᠢᠨ ᠦᠢᠯᠡᠴᠢᠯᠡᠭᠡ ᠬᠠᠩᠭ᠋ᠠᠬᠤ ᠪᠤᠯᠤᠭᠰᠠᠨ ᠢᠶᠡᠷ ᠦᠪᠦᠷ ᠮᠣᠩᠭᠣᠯ ᠤᠨ ᠳᠤᠮᠳᠠ ᠪᠠᠷᠠᠭᠤᠨ ᠪᠦᠰᠡ ᠶᠢᠨ ᠠᠶᠢᠮᠠᠭ ᠬᠤᠲᠠ ᠴᠦᠮ ᠪᠤᠭᠤᠮᠲᠠ ᠲᠠᠢ ᠪᠤᠯᠪᠠ᠃

    ᠤᠶᠢᠯᠠᠭᠠᠭᠰᠠᠨ ᠢᠶᠡᠷ ᠦᠬᠠᠢ ᠬᠤᠲᠠ ᠪᠤᠯ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠪᠠᠷᠠᠭᠤᠨ ᠪᠦᠰᠡ ᠶᠢᠨ ᠰᠢᠨ᠎ᠠ ᠬᠡᠯᠪᠡᠷᠢ ᠶᠢᠨ ᠠᠵᠤ ᠦᠢᠯᠡᠳᠪᠦᠷᠢ ᠶᠢᠨ ᠬᠤᠲᠠ ᠮᠦᠨ᠂ ᠬᠠᠲᠤᠨ ᠭᠤᠤᠯ ᠤᠨ ᠳᠡᠭᠡᠲᠤ ᠤᠷᠤᠰᠬᠠᠯ ᠳᠤ ᠪᠠᠶᠢᠷᠢᠯᠠᠨ ᠤᠮᠠᠷᠠᠲᠤ ᠪᠤᠯᠤᠨ ᠪᠠᠷᠠᠭᠤᠨ ᠬᠤᠶᠢᠲᠤ ᠶᠢᠨ ᠠᠭᠤᠯᠵᠠᠷ ᠲᠤ ᠤᠷᠤᠰᠢᠵᠤ᠂ ᠤᠯᠤᠰ ᠤᠨ《ᠨᠢᠭᠡ ᠪᠦᠰᠡ ᠨᠢᠭᠡ ᠵᠠᠮ》 ᠢ ᠬᠤᠯᠪᠤᠬᠤ᠂ ᠤᠮᠠᠷᠠᠰᠢ ᠪᠡᠨ ᠨᠡᠭᠡᠭᠡᠬᠦ ᠪᠤᠯᠤᠨ ᠪᠠᠷᠠᠭᠤᠨ ᠤᠷᠤᠨ ᠢ ᠶᠡᠬᠡᠪᠡᠷ ᠬᠦᠭ᠍ᠵᠢᠭᠦᠯᠬᠦ ᠵᠡᠷᠭᠡ ᠬᠦᠨᠲᠤ ᠴᠢᠬᠤᠯᠠ ᠰᠶ᠋ᠢᠳᠪᠦᠷᠢᠲᠤ ᠪᠤᠳᠤᠯᠭ᠎ᠠ ᠶᠢᠨ ᠪᠡᠯᠴᠡᠷ ᠬᠤᠲᠠ ᠪᠤᠯᠤᠬᠰᠠᠨ ᠤᠴᠢᠷ ᠡᠴᠡ ᠨᠡᠭᠡᠭᠡᠯᠲᠠ ᠬᠢᠬᠦ ᠳᠠᠪᠠᠭᠤᠯᠢᠭ ᠨᠦᠬᠦᠴᠡᠯ ᠲᠠᠢ᠃ ᠦᠬᠠᠢ ᠪᠤᠭᠤᠮᠲᠠ ᠨᠡᠭᠡᠭᠡᠭ᠍ᠳᠡᠬᠦ ᠡᠴᠡ ᠡᠮᠦᠨ᠎ᠠ ᠠᠵᠤ ᠠᠬᠤᠶᠢᠯᠠᠯ ᠤᠳ ᠪᠤᠭᠤᠮᠲᠠ ᠭᠠᠲᠤᠯᠬᠤ ᠳᠤ ᠭᠤᠤᠯᠳᠠᠭᠤ ᠲᠢᠶᠠᠨᠵᠢᠨ ᠪᠤᠭᠤᠮᠲᠠ ᠳᠤ ᠲᠦᠪᠯᠡᠷᠡᠳᠡᠭ ᠪᠠᠶᠢᠪᠠ᠃ ᠦᠬᠠᠢ ᠪᠤᠭᠤᠮᠲᠠ ᠨᠡᠭᠡᠭᠡᠭ᠍ᠳᠡᠭᠰᠡᠨ ᠤ ᠳᠠᠷᠠᠭ᠎ᠠ ᠪᠤᠭᠤᠮᠲᠠ ᠶᠢᠨ ᠪᠠᠶᠢᠭᠤᠯᠤᠮᠵᠢ ᠦᠪᠦᠷ ᠮᠣᠩᠭᠣᠯ ᠤᠨ ᠳᠤᠮᠳᠠ ᠪᠠᠷᠠᠭᠤᠨ ᠪᠦᠰᠡ ᠶᠢᠨ ᠨᠡᠶ᠋ᠮᠡᠨ ᠠᠶᠢᠮᠠᠭ ᠬᠤᠲᠠ ᠶᠢ ᠬᠠᠮᠤᠷᠤᠬᠰᠠᠨ ᠡᠴᠡ ᠦᠬᠠᠢ ᠬᠤᠲᠠ ᠶᠢᠨ ᠭᠠᠳᠠᠭᠠᠲᠤ ᠲᠠᠢ ᠬᠤᠯᠪᠤᠭᠳᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠳᠡᠭᠦᠯᠳᠡᠷᠵᠢᠭᠦᠯᠬᠦ᠂ ᠪᠦᠰᠡ ᠨᠤᠲᠤᠭ ᠤᠨ ᠡᠺᠰᠫᠤᠷᠲ᠋ᠯᠠᠵᠤ᠂ ᠢᠮᠫᠤᠷᠲ᠋ᠯᠠᠬᠤ ᠠᠵᠤ ᠠᠬᠤᠶᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢ ᠳᠦᠷᠢᠮᠵᠢᠭᠦᠯᠬᠦ ᠳᠤ ᠠᠰᠢᠭᠲᠠᠢ ᠪᠦᠭᠡᠳ ᠪᠦᠰᠡ ᠨᠤᠲᠤᠭ ᠤᠨ ᠡᠯ᠎ᠠ ᠲᠦᠷᠦᠯ ᠤᠨ ᠠᠵᠤ ᠠᠬᠤᠶᠢᠯᠠᠯ  ᠤᠨ ᠤᠶᠢᠯᠠᠴᠢᠯᠡᠭᠡᠨ ᠤ ᠴᠢᠨᠰᠠᠭ᠎ᠠ ᠶᠢ ᠲᠦᠷᠭᠡᠨ ᠳᠡᠭᠡᠭ᠍ᠰᠢᠯᠡᠭᠦᠯᠬᠦ ᠪᠤᠯᠤᠨ᠎ᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121929582