蒙古文网站Logo
ᠰᠢᠨᠬᠤᠸᠠ ᠮᠤᠩᠭ᠋ᠤᠯ ᠨᠧᠲ

ᠤᠷᠤᠨ ᠳᠠᠶᠠᠭᠠᠷ ᠤᠨ《11· 9》ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠦᠴᠦᠭᠡᠳᠦᠷ ᠡᠬᠢᠯᠡᠪᠡ

2017-11-09 16:55

    11 ᠰᠠᠷ᠎ᠠ ᠶᠢᠨ 8 ᠤ ᠡᠳᠦᠷ᠂ ᠦᠪᠦᠷ ᠮᠣᠩᠭᠣᠯ ᠤᠨ ᠭᠠᠯ ᠢ ᠰᠡᠷᠭᠡᠶᠢᠯᠡᠬᠦ ᠶᠡᠷᠦᠩᠬᠡᠢ ᠪᠠᠭ ᠡᠴᠡ 2017 ᠤᠨ ᠤ ᠤᠷᠤᠨ ᠳᠠᠶᠠᠭᠠᠷ ᠤᠨ 《11· 9》ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠤᠰᠤᠯᠠᠯ ᠢ ᠶᠠᠪᠤᠭᠳᠠᠭᠤᠯᠪᠠ᠃

    ᠡᠬᠢᠯᠡᠯᠲᠡ ᠶᠢᠨ ᠶᠤᠰᠤᠯᠠᠯ ᠳᠡᠭᠡᠷ᠎ᠠ ᠬᠦᠬᠡᠬᠤᠲᠠ ᠶᠢᠨ ᠱᠸᠩ ᠯᠢ ᠵᠡᠭᠡᠯᠢ ᠶᠢᠨ ᠪᠠᠭ᠎ᠠ ᠰᠤᠷᠭᠠᠭᠤᠯᠢ ᠶᠢᠨ 128 ᠰᠤᠷᠤᠭᠴᠢ ᠭᠠᠵᠠᠷ ᠳᠡᠭᠡᠷ᠎ᠠ ᠨᠢ《ᠪᠠᠴᠢᠮ ᠲᠠᠷᠬᠠᠵᠤ ᠠᠪᠤᠷᠠᠨ ᠲᠤᠰᠠᠯᠠᠬᠤ ᠲᠠᠮᠢᠷ》ᠬᠢᠪᠠ᠃ ᠡᠨᠡᠬᠦ ᠲᠠᠮᠢᠷ ᠨᠢ ᠷᠠᠳ᠋ᠢᠤ᠋ ᠲᠠᠮᠢᠷ ᠤᠨ ᠬᠡᠯᠪᠡᠷ ᠪᠡᠷ ᠭᠠᠯ ᠢ ᠰᠡᠷᠭᠡᠶᠢᠯᠡᠬᠦ ᠶᠡᠷᠦᠳᠠ ᠶᠢᠨ ᠮᠡᠳᠡᠯᠭᠡ ᠪᠤᠯᠤᠨ ᠠᠮᠢ ᠵᠤᠯᠪᠠᠬᠤ᠂ ᠦᠪᠡᠷ ᠢ ᠪᠡᠨ ᠠᠪᠤᠷᠠᠬᠤ ᠮᠡᠷᠭᠡᠵᠢᠯ ᠢ ᠲᠠᠮᠢᠷ ᠤᠨ ᠬᠦᠳᠡᠯᠭᠡᠭᠡᠨ ᠳᠤ ᠤᠷᠤᠭᠤᠯᠵᠤ᠂ ᠪᠡᠶᠡᠳᠡᠨ ᠤᠷᠤᠯᠴᠠᠭᠰᠠᠨ ᠪᠠ ᠰᠤᠷᠭᠠᠭᠴᠢ ᠶᠢᠨ ᠲᠠᠶᠢᠯᠪᠤᠷᠢᠯᠠᠨ ᠶᠠᠷᠢᠬᠤ ᠪᠡᠷ ᠳᠠᠮᠵᠢᠨ ᠰᠤᠷᠤᠭᠴᠢᠳ ᠠᠮᠢ ᠵᠤᠯᠪᠠᠵᠤ ᠦᠪᠡᠷ ᠢ ᠪᠡᠨ ᠠᠪᠤᠷᠠᠬᠤ ᠠᠷᠭ᠎ᠠ ᠳᠡᠮ ᠢ ᠮᠠᠰᠢ ᠬᠤᠷᠳᠤᠨ ᠡᠵᠡᠮᠰᠢᠪᠡ᠃ ᠲᠤᠬᠠᠢ ᠶᠢᠨ ᠡᠳᠦᠷ᠂ ᠬᠤᠷᠠᠯ ᠳᠤ ᠤᠷᠤᠯᠴᠠᠭᠰᠠᠨ ᠬᠦᠮᠦᠰ《ᠪᠦᠬᠦ ᠢᠷᠭᠡᠳ ᠢᠶᠡᠷ ᠢᠶᠡᠨ ᠭᠠᠯ ᠢ ᠰᠡᠷᠭᠡᠶᠢᠯᠡᠬᠦ ᠳᠤ ᠬᠤᠪᠢ ᠪᠡᠶ᠎ᠠ ᠪᠡᠷ ᠢᠶᠡᠨ ᠳᠠᠶᠢᠴᠢᠯᠠᠬᠤ》ᠲᠤᠮᠤ ᠬᠡᠯᠪᠡᠷᠢ ᠶᠢᠨ ᠬᠠᠯᠠᠮᠵᠢ ᠶᠢᠨ ᠠᠵᠢᠯᠯᠠᠭ᠎ᠠ ᠶᠢᠨ《ᠨᠠᠶ᠋ᠮᠠ ᠳᠤ ᠤᠷᠤᠬᠤ》ᠤᠬᠠᠭᠤᠯᠬᠤ ᠪᠠᠭ ᠤᠨ ᠬᠢᠨ ᠳᠤ ᠲᠤᠭ ᠤᠯᠭᠤᠪᠠ᠃ ᠡᠨᠡᠬᠦ ᠲᠤᠮᠤ ᠬᠡᠯᠪᠡᠷᠢ ᠶᠢᠨ ᠬᠠᠯᠠᠮᠵᠢ ᠶᠢᠨ ᠠᠵᠢᠯᠯᠠᠭ᠎ᠠ ᠬᠦᠳᠡᠭᠡ ᠤᠷᠤᠨ ᠨᠤᠲᠤᠭ ᠲᠤ ᠬᠦᠷᠴᠦ ᠤᠬᠠᠭᠤᠯᠬᠤ ᠪᠠᠭ ᠤᠨ ᠳᠠᠷᠤᠭ᠎ᠠ ᠰᠡᠷᠭᠦᠯᠡᠩ ᠰᠠᠨᠠᠭᠠᠴᠢᠯᠠᠭ᠎ᠠ ᠶᠢᠨ ᠪᠢᠴᠢᠭ᠌ ᠤᠩᠰᠢᠪᠠ᠃

    ᠭᠠᠵᠠᠷ ᠳᠡᠭᠡᠷ᠎ᠠ ᠨᠢ ᠦᠵᠡᠭᠴᠢᠳ《ᠪᠦᠬᠦ ᠢᠷᠭᠡᠳ ᠢᠶᠡᠷ ᠢᠶᠡᠨ ᠭᠠᠯ ᠢ ᠰᠡᠷᠭᠡᠶᠢᠯᠡᠬᠦ ᠳᠤ ᠬᠤᠪᠢ ᠪᠡᠶ᠎ᠠ ᠪᠡᠷ ᠢᠶᠡᠨ ᠳᠠᠶᠢᠴᠢᠯᠠᠬᠤ》ᠠᠵᠢᠯᠯᠠᠭᠠᠨ ᠤ ᠵᠢᠷᠤᠭ ᠤᠨ ᠦᠵᠡᠰᠭᠦᠯᠡᠩ ᠢ ᠰᠤᠨᠢᠷᠬᠠᠵᠤ᠂ ᠨᠡᠶᠢᠭᠡᠮ ᠲᠡᠭᠦᠷᠭᠡ ᠶᠢᠨ ᠭᠠᠯ ᠢ ᠰᠡᠷᠭᠡᠶᠢᠯᠡᠬᠦ ᠲᠦᠯᠦᠭᠡᠯᠡᠭᠴᠢ ᠰᠢᠡᠭ᠍ᠭᠡᠨᠵᠢᠬᠦᠯᠦᠭᠰᠡᠨ ᠭᠡᠢ ᠡᠴᠡ ᠡᠭᠦᠰᠬᠦ ᠭᠠᠯ ᠤᠨ ᠠᠶᠤᠯ᠂ ᠭᠡᠷ ᠪᠦᠯᠢ ᠶᠢᠨ ᠲᠤᠰᠤ ᠲᠠᠢ ᠲᠤᠭᠤᠭᠠᠨ ᠡᠴᠡ ᠡᠭᠦᠰᠬᠦ ᠭᠠᠯ ᠤᠨ ᠠᠶᠤᠯ᠂ ᠴᠠᠬᠢᠯᠭᠠᠨ ᠬᠡᠷᠡᠭᠰᠡᠯ ᠡᠴᠡ ᠡᠭᠦᠰᠬᠦ ᠭᠠᠯ ᠤᠨ ᠠᠶᠤᠯ ᠢ ᠰᠡᠷᠭᠡᠶᠢᠯᠡᠬᠦ ᠠᠷᠭ᠎ᠠ ᠠᠪᠴᠠᠯ ᠪᠤᠯᠤᠨ ᠭᠠᠯ ᠤᠨᠲᠠᠷᠭᠠᠬᠤ ᠠᠷᠭ᠎ᠠ ᠬᠡᠮᠵᠢᠶ᠎ᠠ ᠶᠢ ᠪᠠᠶᠠᠴᠢᠯᠡᠨ ᠬᠢᠵᠤ ᠦᠵᠡᠭᠦᠯᠪᠠ᠃ (ᠰᠤᠷᠪᠤᠯᠵᠢᠯᠠᠭᠴᠢ ᠶᠠᠩ ᠵᠢᠶᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121931360