蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠯᠠᠨ ᠠᠷᠭ᠎ᠠ ᠠᠪᠴᠢᠯ ᠢᠶᠡᠷ 4.46 ᠲᠦᠮᠡᠨ ᠬᠦᠮᠦᠨ ᠳᠤ ᠠᠵᠢᠯ ᠲᠤᠬᠢᠷᠠᠭᠤᠯᠪᠠ

2017-11-09 18:18

    ᠰᠢᠨᠬᠤᠸᠠ ᠬᠤᠷᠢᠶ᠎ᠠ   ᠬᠦᠬᠡᠬᠤᠳᠠ ᠶᠢᠨ 11 ᠰᠠᠷ᠎ᠠ ᠶᠢᠨ 8 ᠤ ᠡᠳᠤᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠯᠢ ᠶᠦᠨ ᠫᠢᠩ) ᠰᠤᠷᠪᠤᠯᠵᠢᠯᠠᠭᠴᠢ 8 ᠤ ᠡᠳᠤᠷ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠦᠴᠦ ᠪᠤᠯᠤᠨ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠡᠴᠡ ᠤᠶᠢᠯᠠᠭᠠᠭᠰᠠᠨ ᠢᠶᠡᠷ᠂ ᠦᠨᠦ ᠵᠢᠯ ᠤᠨ ᠡᠮᠦᠨ᠎ᠡ ᠭᠤᠷᠪᠠᠨ ᠤᠯᠠᠷᠢᠯ ᠳᠤ ᠦᠪᠦᠷ ᠮᠤᠩᠭ᠋ᠤᠯ ᠨᠡᠶᠢᠳᠡ ᠶᠢᠨ ᠬᠠᠯᠠᠮᠵᠢ ᠶᠢᠨ ᠴᠢᠨᠠᠷᠲᠠᠢ ᠠᠵᠢᠯ ᠤᠨ ᠪᠠᠶᠢᠷᠢ᠂ ᠲᠤᠰᠬᠠᠢ ᠲᠡᠮᠵᠢᠯᠬᠡ ᠶᠢᠨ ᠠᠵᠢᠯᠯᠠᠭ᠎ᠠ ᠦᠷᠨᠢᠬᠦᠯᠬᠦ ᠵᠡᠷᠬᠡ ᠠᠷᠭ᠎ᠠ ᠪᠡᠷ 4.46 ᠲᠦᠮᠡᠨ ᠠᠵᠢᠯ ᠤᠯᠬᠤ ᠳ᠋ᠦ ᠬᠦᠴᠢᠷᠲᠡᠢ ᠬᠦᠮᠦᠨ ᠳᠤ ᠠᠵᠢᠯ ᠲᠤᠬᠢᠷᠠᠭᠤᠯᠵᠤ᠂ ᠤᠨ ᠤ ᠲᠦᠯᠦᠪᠯᠡᠬᠡ ᠶᠢᠨ ᠢᠶᠡᠨ 89.15% ᠶᠢ ᠪᠡᠶᠡᠯᠡᠬᠦᠯᠪᠡ᠃

    ᠤᠳᠤ ᠦᠪᠦᠷ ᠮᠤᠩᠭ᠋ᠤᠯ ᠤᠨ ᠬᠦᠳᠡᠯᠮᠦᠷᠢ ᠬᠦᠴᠦᠨ ᠤ ᠢᠯᠡᠭᠦᠳᠡᠯ ᠤᠨ ᠲᠠᠷᠤᠭᠠᠰᠤ ᠮᠦᠨ ᠬᠦᠨᠳᠤ ᠪᠠᠶᠢᠭ᠎ᠠ ᠪᠠᠶᠢᠳᠠᠯ ᠳᠤ᠂ ᠬᠦᠳᠡᠯᠮᠦᠷᠢ ᠬᠦᠴᠦᠨ ᠤ ᠪᠤᠯᠪᠠᠰᠤᠨ ᠤ ᠪᠦᠲᠦᠴᠡ ᠪᠤᠯᠤᠨ ᠠᠵᠤ ᠦᠢᠯᠡᠰ ᠤᠨ ᠵᠠᠭᠪᠤᠷ ᠦᠬᠡᠷᠡᠴᠢᠯᠡᠨ ᠲᠡᠰ ᠲᠡᠪᠰᠢᠬᠦ ᠠᠵᠢᠯ ᠤᠨ ᠪᠠᠶᠢᠷᠢ ᠶᠢᠨ ᠱᠠᠭᠠᠷᠳᠠᠯᠭ᠎ᠠ ᠬᠠᠷᠢᠯᠴᠠᠨ ᠲᠤᠬᠢᠷᠠᠯᠴᠠᠬᠤ ᠦᠭᠡᠢ ᠵᠦᠷᠢᠴᠡᠯ ᠢᠯᠡᠷᠬᠡᠢ ᠤᠷᠤᠰᠢᠵᠤ ᠪᠠᠶᠢᠨ᠎ᠠ᠃

    ᠤᠳᠤᠬᠠᠨ ᠳᠤ᠂ ᠦᠪᠦᠷ ᠮᠤᠩᠭ᠋ᠤᠯ ᠬᠤᠳᠠ ᠪᠠᠯᠭᠠᠰᠤᠨ ᠤ ᠠᠵᠢᠯ ᠠᠯᠳᠠᠭᠰᠠᠳ ᠤᠨ ᠪᠤᠳᠠᠳᠤ ᠨᠡᠷ᠎ᠡ ᠶᠢᠨ ᠬᠦᠳᠡᠯᠦᠩᠬᠦᠢ ᠬᠠᠮᠢᠶᠠᠷᠤᠯᠳᠠ ᠶᠢᠨ ᠪᠠᠶᠢᠭᠤᠯᠤᠮᠵᠢ ᠶᠢ ᠨᠢᠬᠡᠨᠳᠡ ᠪᠠᠶᠢᠭᠤᠯᠵᠤ᠂ ᠬᠤᠳᠠ ᠪᠠᠯᠭᠠᠰᠤᠨ ᠤ ᠰᠠᠭᠤᠭᠠᠯᠢ ᠢᠷᠭᠡᠳ ᠤᠨ ᠠᠮᠢᠳᠤᠷᠠᠯ ᠤᠨ ᠲᠤᠤᠷ᠎ᠠ ᠪᠠᠳᠤᠯᠠᠭ᠎ᠠ ᠬᠦᠷᠳᠡᠵᠤ ᠪᠠᠶᠢᠭ᠎ᠠ ᠠᠵᠢᠯ ᠠᠯᠳᠠᠭᠰᠠᠳ᠂ ᠨᠢᠬᠡ ᠵᠢᠯ ᠡᠴᠡ ᠲᠡᠭᠡᠭ᠍ᠰᠢ ᠮᠦᠨ ᠠᠵᠢᠯ ᠤᠯᠤᠭᠠᠳᠤᠢ ᠬᠤᠳᠠ ᠪᠠᠯᠭᠠᠰᠤᠨ ᠤ ᠠᠵᠢᠯ ᠠᠯᠳᠠᠭᠰᠠᠳ ᠲᠤ ᠲᠦᠷᠦ ᠶᠢᠨ ᠪᠤᠳᠤᠯᠭ᠎ᠠ ᠶᠢᠨ ᠲᠡᠮᠵᠢᠯᠬᠡ᠂ ᠠᠵᠢᠯ ᠤᠨ ᠪᠠᠶᠢᠷᠢ᠂ ᠦᠢᠯᠡᠴᠢᠯᠡᠬᠡ ᠬᠠᠩᠭ᠋ᠠᠵᠤ᠂ ᠨᠦᠬᠦᠪᠦᠷᠢ ᠦᠭ᠍ᠬᠦ ᠵᠡᠷᠬᠡ ᠲᠤᠰᠠᠯᠠᠮᠵᠢ ᠲᠡᠮᠵᠢᠯᠬᠡ  ᠬᠦᠷᠳᠡᠭᠡᠵᠤ᠂ ᠨᠦᠬᠦᠴᠡᠯ ᠳᠤ ᠨᠡᠶᠢᠴᠡᠬᠦ ᠠᠵᠢᠯ ᠠᠯᠳᠠᠭᠰᠠᠳ ᠲᠤ ᠤᠷᠢᠳᠠᠪᠡᠷ ᠠᠵᠢᠯ ᠲᠤᠬᠢᠷᠠᠭᠤᠯᠵᠤ ᠦᠭ᠍ᠬᠦ ᠶᠢᠨ ᠬᠠᠮᠳᠤ ᠨᠡᠶᠢᠬᠡᠮ ᠤᠨ ᠪᠠᠳᠤᠯᠠᠭ᠎ᠠ ᠶᠢᠨ ᠨᠦᠬᠦᠪᠦᠷᠢ ᠪᠤᠯᠤᠨ ᠠᠵᠢᠯ ᠤᠨ ᠪᠠᠶᠢᠷᠢ ᠶᠢᠨ ᠨᠦᠬᠦᠪᠦᠷᠢ ᠤᠯᠭᠤᠵᠦ ᠪᠠᠢᠢᠨ᠎ᠠ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121931494