蒙古文网站Logo
ᠰᠢᠨᠬᠤᠸᠠ ᠮᠤᠩᠭ᠋ᠤᠯ ᠨᠧᠲ

ᠳᠤᠮᠳᠠᠳᠤ ᠤᠷᠤᠰ ᠤᠨ ᠲᠦᠭᠦᠬᠡᠢ ᠭᠠᠵᠠᠷ ᠤᠨ ᠲᠤᠰᠤᠨ ᠤ ᠬᠤᠭᠤᠯᠠᠢ ᠶᠢᠨ ᠬᠤᠶᠠᠳᠡᠬᠢ ᠱᠤᠭᠤᠮ ᠤᠨ ᠢᠨᠵᠸᠨ᠋ᠸᠷᠢᠩ ᠪᠦᠬᠦ ᠱᠤᠭᠤᠮ ᠳᠤ ᠨᠡᠪᠲᠡᠷᠡᠪᠠ

2017-11-13 13:41

    ᠰᠢᠨᠬᠤᠸᠠ ᠬᠤᠷᠢᠶ᠎ᠠ   ᠪᠡᠭᠡᠵᠢᠩ ᠤᠨ 11 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ(ᠰᠤᠷᠪᠤᠯᠵᠢᠯᠠᠭᠴᠢ ᠯᠢᠦ ᠶᠠᠩ ᠶᠠᠩ) ᠰᠤᠷᠪᠤᠯᠵᠢᠯᠠᠭᠴᠢ ᠳᠤᠮᠳᠠᠳᠤ ᠤᠯᠤᠰ ᠤᠨ ᠭᠠᠵᠠᠷ ᠤᠨ ᠲᠤᠰᠤ ᠪᠠᠶᠢᠭᠠᠯᠢ ᠶᠢᠨ ᠬᠡᠢ ᠶᠢᠨ ᠪᠦᠯᠦᠭᠯᠡᠯ ᠺᠤᠮᠫᠠᠨᠢ ᠡᠴᠡ ᠤᠶᠢᠯᠠᠭᠠᠭᠰᠠᠨ ᠢᠶᠡᠷ᠂ 12 ᠤᠨ ᠡᠳᠦᠷ ᠬᠠᠮᠤᠭ ᠤᠨ ᠰᠡᠭᠦᠯᠴᠢ ᠶᠢᠨ ᠠᠮᠠᠰᠠᠷ ᠢ ᠭᠠᠩᠨᠠᠵᠤ ᠵᠠᠯᠭᠠᠬᠤ ᠶᠢ ᠳᠠᠭᠠᠯᠳᠤᠨ ᠳᠤᠮᠳᠠᠳᠤ ᠤᠷᠤᠰ ᠤᠨ ᠲᠦᠭᠦᠬᠡᠢ ᠭᠠᠵᠠᠷ ᠤᠨ ᠲᠤᠰᠤᠨ ᠤ ᠬᠤᠭᠤᠯᠠᠢ ᠶᠢᠨ ᠬᠤᠶᠠᠳᠡᠬᠢ ᠱᠤᠭᠤᠮ ᠤᠨ ᠢᠨᠵᠸᠨ᠋ᠸᠷᠢᠩ ᠤᠨ 941.8 ᠺᠢᠯᠦᠮᠸᠲ᠋ᠷ ᠤᠨ ᠬᠤᠭᠤᠯᠠᠢ ᠪᠦᠬᠦ ᠱᠤᠭᠤᠮ ᠳᠤ ᠨᠡᠪᠲᠡᠷᠡᠵᠤ᠂ ᠲᠤᠰᠤ ᠵᠦᠭᠡᠭᠡᠪᠦᠷᠢᠯᠡᠬᠦ ᠨᠦᠬᠦᠴᠡᠯ ᠢ ᠪᠦᠷᠢᠯᠳᠦᠭᠦᠯᠪᠠ᠃

    ᠲᠠᠨᠢᠯᠴᠠᠭᠤᠯᠤᠭᠰᠠᠨ ᠢᠶᠡᠷ᠂ 2018 ᠤᠨ ᠤ 1 ᠰᠠᠷ᠎ᠠ ᠶᠢᠨ 1 ᠤ ᠡᠳᠦᠷ ᠡᠴᠡ ᠡᠬᠢᠯᠡᠨ ᠳᠤᠮᠳᠠᠳᠤ ᠤᠷᠤᠰ ᠤᠨ ᠲᠦᠭᠦᠬᠡᠢ ᠭᠠᠵᠠᠷ ᠤᠨ ᠲᠤᠰᠤᠨ ᠤ ᠬᠤᠭᠤᠯᠠᠢ ᠶᠢᠨ ᠬᠤᠶᠠᠳᠡᠬᠢ ᠱᠤᠭᠤᠮ ᠤᠨ ᠢᠨᠵᠸᠨ᠋ᠸᠷᠢᠩ ᠵᠢᠩᠬᠢᠨᠢ ᠪᠡᠷ ᠠᠰᠢᠭᠯᠠᠯᠲᠠ ᠳᠤ ᠤᠷᠤᠨ᠎ᠠ᠃ ᠳᠡᠭᠡᠪᠡᠯ ᠵᠡᠭᠦᠨ ᠬᠤᠶᠢᠲᠤ ᠶᠢᠨ ᠲᠤᠰᠤᠨ ᠤ ᠬᠤᠭᠤᠯᠠᠢ ᠪᠡᠷ ᠢᠮᠫᠤᠷᠲ᠋ᠯᠠᠵᠤ ᠪᠠᠶᠢᠭ᠎ᠠ ᠤᠷᠤᠰ ᠤᠨ ᠲᠦᠭᠦᠬᠡᠢ ᠭᠠᠵᠠᠷ ᠤᠨ ᠲᠤᠰᠤ ᠤᠳᠤᠬᠠᠨ ᠳᠤ ᠵᠢᠯ ᠪᠦᠷᠢ 1500 ᠲᠦᠮᠡᠨ ᠲᠤᠨ ᠵᠦᠭᠡᠭᠡᠪᠦᠷᠢᠯᠡᠳᠡᠭ ᠪᠠᠶᠢᠭᠰᠠᠨ ᠡᠴᠡ ᠨᠡᠮᠡᠭᠳᠡᠭᠡᠳ 3000 ᠲᠦᠮᠡᠨ ᠲᠤᠨ ᠳᠤ ᠬᠦᠷᠬᠦ ᠪᠤᠯᠤᠨ᠎ᠠ᠃

    ᠳᠤᠮᠳᠠᠳᠤ ᠤᠷᠤᠰ ᠤᠨ ᠲᠦᠭᠦᠬᠡᠢ ᠭᠠᠵᠠᠷ ᠤᠨ ᠲᠤᠰᠤᠨ ᠤ ᠬᠤᠭᠤᠯᠠᠢ ᠶᠢᠨ ᠬᠤᠶᠠᠳᠡᠬᠢ ᠱᠤᠭᠤᠮ ᠤᠨ ᠢᠨᠵᠸᠨ᠋ᠸᠷᠢᠩ ᠢ ᠳᠤᠮᠳᠠᠳᠤ ᠤᠯᠤᠰ ᠤᠨ ᠭᠠᠵᠠᠷ ᠤᠨ ᠲᠤᠰᠤᠨ ᠤ ᠬᠤᠭᠤᠯᠠᠢ ᠶᠢᠨ ᠺᠤᠮᠫᠠᠨᠢ ᠡᠴᠡ ᠪᠦᠲᠦᠭᠡᠨ ᠪᠠᠶᠢᠭᠤᠯᠤᠨ ᠬᠠᠮᠢᠶᠠᠷᠴᠤ ᠪᠤᠢ᠃ ᠬᠤᠭᠤᠯᠠᠢ ᠶᠢᠨ ᠡᠬᠢᠯᠡᠯᠲᠡ ᠶᠢᠨ ᠴᠡᠭ ᠨᠢ ᠬᠠᠷᠠᠮᠦ᠋ᠷᠡᠨ ᠮᠤᠵᠢ ᠶᠢᠨ ᠮᠦᠸᠸ ᠾᠸ ᠰᠢᠶᠠᠨ ᠤ ᠮᠦᠸᠸ ᠾᠸ ᠲᠤᠰᠤᠨ ᠬᠤᠭᠤᠯᠠᠢ ᠶᠢᠨ ᠦᠷᠲᠡᠭᠡᠨ ᠳᠤ ᠪᠠᠶᠢᠷᠢᠯᠠᠵᠤ ᠬᠠᠷᠠᠮᠦ᠋ᠷᠡᠨ᠂ ᠦᠪᠦᠷ ᠮᠣᠩᠭᠣᠯ ᠤᠨ ᠬᠤᠶᠠᠷ ᠠᠶᠢᠮᠠᠭ ᠬᠤᠲᠠ ᠶᠢ ᠳᠠᠭᠠᠷᠢᠵᠤ ᠡᠴᠤᠰ ᠤᠨ ᠴᠡᠭ ᠨᠢ ᠬᠠᠷᠠᠮᠦ᠋ᠷᠡᠨ ᠮᠤᠵᠢ ᠶᠢᠨ ᠳ᠋ᠠ ᠴᠢᠩ ᠬᠤᠲᠠ ᠶᠢᠨ ᠯᠢᠨ ᠶᠤᠸᠠᠨ ᠲᠤᠰᠤᠨ ᠬᠤᠭᠤᠯᠠᠢ ᠶᠢᠨ ᠦᠷᠲᠡᠭᠡ ᠳᠤ ᠬᠦᠷᠴᠤ ᠪᠤᠢ᠃ ᠲᠤᠰ ᠢᠨᠵᠸᠨ᠋ᠸᠷᠢᠩ ᠨᠢ 2016 ᠤᠨ ᠤ 8 ᠰᠠᠷ᠎ᠠ ᠳᠤ ᠪᠠᠷᠢᠯᠭ᠎ᠠ ᠡᠬᠢᠯᠡᠭᠰᠡᠨ ᠶᠤᠮ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121946587