蒙古文网站Logo
ᠰᠢᠨᠬᠤᠸᠠ ᠮᠤᠩᠭ᠋ᠤᠯ ᠨᠧᠲ

ᠬᠦᠲᠡᠭᠡ ᠲᠤᠰᠬᠤᠨ ᠤ ᠡᠪᠦᠯ ᠤᠨ ᠲᠤᠯᠠᠭᠠᠯᠠᠭ᠎ᠠ ᠶᠢᠨ ᠲᠦᠷᠦ ᠶᠢᠨ ᠪᠤᠲᠤᠯᠭ᠎ᠠ ᠳ᠋ᠤ ᠶᠠᠮᠠᠷ ᠬᠤᠪᠢᠷᠠᠯᠲᠠ ᠭᠠᠷᠪᠠ ﹖

2017-11-13 18:42

    ᠤᠯᠤᠰ ᠡᠴᠡ ᠬᠦᠲᠡᠭᠡ ᠲᠤᠰᠬᠤᠨ ᠳ᠋ᠤ《ᠨᠡᠬᠦᠷᠡᠰᠦ ᠶᠢ ᠬᠡᠢ ᠪᠤᠯᠭᠠᠬᠤ》᠂《ᠨᠡᠭᠦᠷᠡᠰᠦ ᠶᠢ ᠴᠠᠬᠢᠯᠭᠠᠨ ᠪᠤᠯᠭᠠᠬᠤ》ᠲᠦᠷᠦ ᠶᠢᠨ ᠪᠤᠲᠤᠯᠭ᠎ᠠ ᠶᠢ ᠲᠦᠭᠡᠮᠡᠯᠵᠢᠬᠦᠯᠦᠭᠰᠡᠨ ᠨᠢ ᠤᠷᠴᠢᠨ ᠲᠤᠭᠤᠷᠢᠨ ᠢ ᠬᠠᠮᠠᠭᠠᠯᠠᠬᠤ ᠶᠢᠨ ᠲᠦᠯᠦᠭᠡ ᠶᠤᠮ᠃ ᠮᠦᠨ ᠴᠤ ᠠᠷᠠᠳ ᠤᠨ ᠠᠮᠢᠲᠤᠷᠠᠯ ᠳ᠋ᠤ ᠵᠤᠷᠢᠭᠤᠯᠤᠭᠰᠠᠨ ᠬᠦᠴᠦᠲᠦ ᠲᠡᠮᠵᠢᠯᠭᠡ ᠪᠤᠯᠬᠤ ᠶᠤᠮ᠃

    ᠲᠡᠭᠡᠪᠡᠯ 2017 ᠤᠨ ᠳ᠋ᠤ᠂ ᠬᠦᠲᠡᠭᠡ ᠲᠤᠰᠬᠤᠨ ᠤ ᠲᠤᠯᠠᠭᠠᠯᠠᠭ᠎ᠠ ᠶᠢᠨ ᠲᠦᠷᠦ ᠶᠢᠨ ᠪᠤᠲᠤᠯᠭ᠎ᠠ ᠳ᠋ᠤ ᠶᠠᠮᠠᠷ ᠬᠤᠪᠢᠷᠠᠯᠲᠠ ᠲᠠᠢ ᠪᠤᠯ ?

    ᠬᠦᠲᠡᠭᠡ ᠲᠤᠰᠬᠤᠨ ᠤ ᠲᠤᠯᠠᠭᠠᠯᠠᠭ᠎ᠠ ᠶᠢᠨ ᠨᠦᠬᠦᠪᠦᠷᠢ ᠤᠯᠭᠤᠬᠤ ᠡᠲᠡᠭᠡᠳ᠄

    1. ᠬᠦᠲᠡᠭᠡ ᠲᠤᠰᠬᠤᠨ ᠤ ᠲᠤᠤᠷ᠎ᠠ ᠤᠷᠤᠯᠭ᠎ᠠ ᠲᠠᠢ ᠲᠠᠷᠢᠶᠠᠴᠢᠨ ᠡᠷᠦᠬᠡ ᠶᠢᠨ ᠲᠤᠯᠠᠭᠠᠯᠠᠭ᠎ᠠ ᠶᠢ ᠪᠠᠲᠤᠯᠠᠬᠤ ᠳ᠋ᠤ ᠡᠷᠦᠬᠡ ᠪᠦᠷᠢ ᠳ᠋ᠤ 600 ᠲᠦᠭᠦᠷᠢᠭ᠌ ᠤᠨ ᠨᠦᠬᠦᠪᠦᠷᠢ ᠤᠯᠭᠤᠨ᠎᠎ᠠ᠃

    2. ᠬᠦᠲᠡᠭᠡ ᠲᠤᠰᠬᠤᠨ ᠤ ᠶᠠᠲᠠᠭᠤ ᠬᠦᠴᠢᠷᠲᠡᠯᠲᠡᠢ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠪᠤᠷᠢ ᠬᠦᠷᠲᠡᠵᠦ ᠪᠠᠶᠢᠭ᠎ᠠ ᠡᠷᠦᠬᠡ ᠳ᠋ᠤ 350 – 600 ᠲᠦᠭᠦᠷᠢᠭ᠌ ᠤᠨ ᠠᠳᠠᠯᠢ ᠪᠤᠰᠤ ᠪᠠᠷᠢᠮᠵᠢᠶ᠎ᠠ ᠪᠡᠷ ᠨᠦᠬᠦᠪᠦᠷᠢ ᠤᠯᠭᠤᠨ᠎ᠠ᠃

    3. ᠤᠮᠠᠷᠠᠲᠤ ᠤᠷᠤᠨ ᠤ ᠪᠤᠶᠢᠲᠠ ᠪᠦᠭ᠍ᠯᠡᠬᠦᠦ ᠲᠠᠷᠢᠶᠠᠯᠠᠩ ᠮᠠᠯᠵᠢᠯ ᠤᠨ ᠲᠠᠯᠠᠪᠠᠢ ᠶᠢᠨ ᠭᠠᠵᠠᠷ ᠤᠷᠤᠨ ᠤ ᠲᠠᠷᠢᠶᠠᠴᠢᠳ ᠲᠤ᠂ ᠦᠪᠦᠷ ᠮᠤᠩᠭᠤᠯ ᠰᠢᠭ᠋ ᠨᠡᠭᠦᠷᠡᠰᠦ ᠠᠷᠪᠢᠨ ᠭᠠᠷᠲᠠᠭ ᠭᠠᠵᠠᠷ ᠤᠷᠤᠨ  ᠳᠤ ᠡᠷᠦᠬᠡ ᠪᠦᠷᠢ ᠳ᠋ᠤ 1200 ᠵᠢᠩ ᠨᠡᠭᠦᠷᠡᠰᠦ ᠲᠦᠭᠡᠭᠡᠨ᠎ᠡ᠃

    ᠬᠦᠲᠡᠭᠡ ᠲᠤᠰᠬᠤᠨ ᠤ ᠡᠪᠦᠯ ᠤᠨ ᠲᠤᠯᠠᠭᠠᠯᠠᠭ᠎ᠠ ᠶᠢᠨ ᠨᠦᠬᠦᠪᠦᠷᠢ ᠶᠢᠨ ᠪᠠᠷᠢᠮᠵᠢᠶ᠎ᠠ᠄

    1. ᠰᠢᠲᠠᠮᠠᠬᠠᠢ ᠬᠡᠢ ᠪᠡᠷ ᠭᠤᠤᠯ ᠲᠤᠯᠠᠭᠠᠯᠠᠭ᠎ᠠ ᠪᠤᠯᠭᠠᠵᠤ ᠪᠠᠶᠢᠭ᠎ᠠ ᠲᠠᠷᠢᠶᠠᠴᠢᠳ ᠲᠤ 120 ᠺᠢᠯᠤᠭ᠍ᠷᠠᠮ ᠶᠢᠡᠷ ᠬᠠᠮᠤᠭ ᠤᠨ ᠦᠨᠳᠦᠷ ᠪᠠᠷᠢᠮᠵᠢᠶ᠎ᠠ ᠪᠤᠯᠭᠠᠭᠰᠠᠨ ᠰᠢᠲᠠᠮᠠᠬᠠᠢ ᠬᠡᠢ ᠶᠢᠨ ᠨᠦᠬᠦᠪᠦᠷᠢ 400 ᠲᠦᠭᠦᠷᠢᠭ᠌ ᠨᠦᠬᠦᠪᠦᠷᠢᠯᠡᠨ᠎ᠡ᠃

    2. ᠴᠠᠬᠢᠯᠭᠠᠨ ᠶᠢᠡᠷ ᠭᠤᠤᠯ ᠲᠤᠯᠠᠭᠠᠯᠠᠭ᠎ᠠ ᠪᠤᠯᠭᠠᠵᠤ ᠪᠠᠶᠢᠭ᠎ᠠ ᠲᠠᠷᠢᠶᠠᠴᠢᠳ ᠲᠤ ᠰᠡᠯᠡᠬᠦᠦ ᠴᠠᠭ ᠤᠨ ᠴᠠᠬᠢᠯᠭᠠᠨ ᠤ ᠬᠡᠮᠵᠢᠶ᠎ᠠ ᠶᠢᠨ ᠨᠦᠬᠦᠪᠦᠷᠢ ᠦᠭᠴᠦ᠂ ᠴᠠᠬᠢᠯᠭᠠᠨ ᠤ ᠰᠦᠢᠳᠬᠡᠯ ᠢ ᠭᠷᠠᠳᠦ᠋ᠰ ᠪᠦᠷᠢ ᠶᠢ 0.2 ᠲᠦᠭᠦᠷᠢᠭ ᠶᠢᠡᠷ ᠨᠢᠭᠡᠴᠢᠯᠡᠨ᠎ᠡ᠃

    3. ᠡᠯ᠎ᠡ ᠭᠠᠵᠠᠷ ᠤᠷᠤᠨ ᠦᠪᠡᠷ ᠲᠡᠭᠡᠨ ᠤᠷᠤᠨ ᠬᠤᠪᠢᠶᠠᠷᠢᠯᠠᠯ ᠭᠠᠷᠭᠠᠵᠤ᠂ ᠬᠤᠪᠢᠶᠠᠷᠢᠯᠠᠯ ᠨᠢ ᠶᠡᠷᠦ ᠳ᠋ᠡᠭᠡᠨ ᠤᠷᠤᠢ ᠶᠢᠨ 23᠄ 00 ᠴᠠᠭ ᠡᠴᠡ ᠲᠠᠷᠠᠭ᠎ᠠ ᠦᠷᠯᠦᠭᠡ ᠶᠢᠨ 7᠄ 00 ᠴᠠᠭ ᠪᠤᠯᠲᠠᠯᠠᠬᠢ ᠡᠨᠡᠬᠦ ᠬᠡᠰᠡᠭ ᠬᠤᠭᠤᠴᠠᠭ᠎ᠠ ᠶᠢ ᠵᠢᠭᠠᠨ᠎ᠠ᠃

    ᠡᠭᠦᠨ ᠡᠴᠡ ᠭᠠᠲᠠᠨ᠎ᠠ᠂ ᠦᠨᠳᠦᠰᠦᠨ ᠴᠠᠬᠢᠯᠭᠠᠨ ᠤ ᠬᠡᠮᠵᠢᠶ᠎ᠠ ᠶᠢᠨ ᠨᠦᠬᠦᠪᠦᠷᠢ ᠬᠡᠮᠡᠨ ᠪᠠᠶᠢᠵᠤ᠂ ᠭᠠᠵᠠᠷ ᠤᠷᠤᠨ ᠪᠦᠷᠢ ᠠᠳᠠᠯᠢ ᠪᠤᠰᠤ᠂ ᠬᠠᠮᠤᠭ ᠤᠨ ᠦᠨᠳᠦᠷ ᠲᠡᠭᠡᠨ ᠡᠷᠦᠬᠡ ᠪᠦᠷᠢ ᠳ᠋ᠤ ᠨᠦᠬᠦᠪᠦᠷᠢᠯᠡᠬᠦ ᠴᠠᠬᠢᠯᠭᠠᠨ ᠤ ᠬᠡᠮᠵᠢᠶ᠎ᠠ ᠶᠢᠨ ᠨᠦᠬᠦᠪᠦᠷᠢ ᠬᠡᠮᠡᠨ ᠪᠠᠶᠢᠵᠤ᠂ ᠭᠠᠵᠠᠷ ᠤᠷᠤᠨ ᠪᠦᠷᠢ ᠠᠳᠠᠯᠢ ᠪᠤᠰᠤ᠂ ᠬᠠᠮᠤᠭ ᠤᠨ ᠦᠨᠳᠦᠷ ᠲᠡᠭᠡᠨ ᠡᠷᠦᠬᠡ ᠪᠦᠷᠢ ᠳ᠋ᠤ ᠨᠦᠬᠦᠪᠦᠷᠢᠯᠡᠬᠦ ᠴᠠᠬᠢᠯᠭᠠᠨ ᠤ ᠬᠡᠮᠵᠢᠶ᠎ᠠ ᠨᠢ 10000 ᠭᠷᠠᠳᠦ᠋ᠰ ᠪᠤᠯᠤᠨ᠎ᠠ᠃ ᠬᠦᠲᠡᠭᠡ ᠲᠤᠰᠬᠤᠨ ᠤ ᠲᠤᠯᠠᠭᠠᠯᠠᠭ᠎ᠠ ᠶᠢᠨ ᠨᠦᠬᠦᠪᠦᠷᠢ ᠲᠠᠷᠬᠠᠭᠠᠬᠤ ᠠᠷᠭ᠎ᠠ᠄ ᠤᠲᠤᠬᠠᠨ ᠳ᠋ᠤ 2017 ᠤᠨ ᠤ ᠲᠤᠭᠲᠠᠭᠠᠯ ᠶᠢᠡᠷ᠂ ᠲᠤᠯᠠᠭᠠᠯᠠᠭ᠎ᠠ ᠶᠢᠨ ᠨᠦᠬᠦᠪᠦᠷᠢ ᠶᠢ ᠬᠤᠶᠠᠷ ᠪᠦᠯᠦᠭ ᠬᠤᠪᠢᠶᠠᠵᠤ ᠲᠠᠷᠬᠠᠭᠠᠨ᠎ᠠ᠃ ᠨᠢᠭᠡᠲᠦᠭᠡᠷ ᠪᠦᠯᠦᠭ ᠨᠢ ᠭᠠᠵᠠᠷ ᠤᠷᠤᠨ ᠤ ᠲᠤᠲᠤᠷᠠᠬᠢ ᠭᠤᠤᠯᠲᠠᠯᠭ᠎ᠠ ᠲᠠᠢ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠪᠤᠷᠢ ᠬᠦᠷᠲᠡᠵᠦ ᠪᠠᠶᠢᠭ᠎ᠠ ᠡᠷᠦᠬᠡ ᠶᠢᠨ ᠲᠤᠯᠠᠭᠠᠯᠠᠭ᠎ᠠ ᠬᠠᠩᠭᠠᠬᠤ ᠶᠢ ᠰᠢᠢᠳᠪᠦᠷᠢᠯᠡᠵᠦ᠂ ᠡᠷᠦᠬᠡ ᠪᠦᠷᠢ ᠳ᠋ᠤ 350 – 600 ᠲᠦᠭᠦᠷᠢᠭ ᠤᠨ ᠨᠦᠬᠦᠪᠦᠷᠢ ᠤᠯᠭᠤᠨ᠎ᠠ᠃ ᠬᠤᠶᠠᠲᠤᠭᠠᠷ ᠪᠦᠯᠦᠭ ᠨᠢ ᠭᠠᠵᠠᠷ ᠤᠷᠤᠨ ᠤ ᠲᠤᠲᠤᠷᠠᠬᠢ ᠪᠦᠬᠦ ᠲᠤᠤᠷ᠎ᠠ ᠤᠷᠤᠯᠭ᠎ᠠ ᠲᠠᠢ ᠬᠦᠲᠡᠭᠡ ᠲᠤᠰᠬᠤᠨ ᠤ ᠭᠡᠷ ᠪᠦᠯᠢ ᠶᠢᠨ ᠲᠤᠯᠠᠭᠠᠯᠠᠭ᠎ᠠ ᠶᠢᠨ ᠠᠰᠠᠭᠤᠲᠠᠯ ᠢ ᠭᠤᠤᠯᠲᠠᠯᠭ᠎ᠠ ᠲᠠᠢ ᠰᠢᠢᠳᠪᠦᠷᠢᠯᠡᠵᠦ᠂ ᠡᠷᠦᠬᠡ ᠪᠦᠷᠢ ᠳ᠋ᠤ 600 ᠲᠦᠭᠦᠷᠢᠭ᠌ ᠤᠨ ᠨᠦᠬᠦᠪᠦᠷᠢ ᠤᠯᠭᠤᠨ᠎ᠠ᠃

ᠢᠷᠡᠯᠳᠡ᠄ 《ᠦᠪᠦᠷ ᠮᠤᠩᠭ᠋ᠤᠯ ᠤᠨ ᠠᠮᠢᠲᠤᠷᠠᠯ ᠤᠨ ᠭᠠᠷᠠᠭ》 ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121948730