蒙古文网站Logo
ᠰᠢᠨᠬᠤᠸᠠ ᠮᠤᠩᠭ᠋ᠤᠯ ᠨᠧᠲ

ᠰᠦᠯᠵᠢᠯᠳᠤᠨ ᠵᠤᠷᠠᠶᠢᠬᠰᠠᠨ《ᠳᠤᠮᠳᠠᠳᠤ ᠤᠯᠤᠰ ᠤᠨ ᠲᠦᠮᠦᠰᠦᠨ ᠤ ᠨᠡᠶᠢᠰᠯᠡᠯ》

2017-11-13 18:45

    ᠦᠪᠦᠷ ᠮᠣᠩᠭᠣᠯ ᠤᠨ ᠤᠯᠠᠭᠠᠨᠴᠠᠪ ᠬᠤᠲᠠ ᠲᠦᠮᠦᠰᠦᠨ ᠤ ᠠᠵᠤ ᠦᠢᠯᠡᠰ ᠤᠨ ᠰᠢᠵᠢᠷ ᠠᠯᠲᠠᠨ ᠪᠦᠰᠨ ᠳᠤ ᠪᠠᠶᠢᠷᠢᠯᠠᠳᠠᠬ᠂ ᠲᠠᠷᠢᠮᠠᠯ ᠤᠨ ᠲᠠᠯᠠᠪᠠᠢ ᠨᠢ 400 ᠲᠦᠮᠡᠨ ᠮᠦ ᠳᠤ ᠬᠦᠷᠴᠤ ᠲᠠᠯᠠᠪᠠᠢ ᠪᠤᠯᠤᠨ ᠭᠠᠷᠤᠯᠲᠠ ᠨᠢ ᠤᠷᠤᠨ ᠳᠠᠶᠠᠭᠠᠷ ᠤᠨ ᠲᠤᠭᠤᠷᠢᠭ ᠤᠨ ᠵᠡᠷᠭᠡᠯᠡᠯ ᠤᠨ ᠬᠤᠲᠠ ᠶᠢᠨ ᠲᠡᠷᠢᠭᠦᠨ ᠳᠤ ᠵᠢᠬᠰᠠᠨ᠎ᠠ᠃ 2009 ᠤᠨ ᠳᠤ ᠳᠤᠮᠳᠠᠳᠤ ᠤᠯᠤᠰ ᠤᠨ ᠢᠳᠡᠭᠡᠨ ᠤ ᠨᠡᠶᠢᠭᠡᠮᠯᠢᠭ᠌ ᠡᠴᠡ ᠤᠯᠠᠭᠠᠨᠴᠠᠪ ᠬᠤᠲᠠ ᠳᠤ《ᠳᠤᠮᠳᠠᠳᠤ ᠤᠯᠤᠰ ᠤᠨ ᠲᠦᠮᠦᠰᠦᠨ ᠤ ᠨᠡᠶᠢᠰᠯᠡᠯ》 ᠬᠡᠮᠡᠬᠦ ᠴᠤᠯᠠ ᠤᠯᠭᠤᠪᠠ᠃

    ᠳᠦᠷᠪᠡᠳ ᠬᠤᠰᠢᠭᠤᠨ ᠤ ᠲᠠᠷᠢᠭᠰᠠᠨ ᠲᠦᠮᠦᠰᠦ ᠶᠢᠨ ᠲᠠᠯᠠᠪᠠᠢ ᠨᠢ ᠪᠠᠷᠤᠭ 80 ᠲᠦᠮᠡᠨ ᠮᠦ ᠳᠤ ᠬᠦᠷᠴᠤ ᠤᠯᠠᠭᠠᠨᠴᠠᠪ ᠬᠤᠲᠠ ᠶᠢᠨ ᠬᠠᠮᠤᠭ ᠤᠨ ᠴᠢᠬᠤᠯᠠ᠂ ᠬᠠᠮᠤᠭ ᠤᠨ ᠲᠤᠮᠤ ᠲᠦᠮᠦᠰᠦ ᠲᠠᠷᠢᠬᠤ ᠰᠠᠭᠤᠷᠢᠨ ᠪᠤᠯᠵᠠᠢ᠃ ᠳᠦᠷᠪᠡᠳ ᠬᠤᠰᠢᠭᠤᠨ ᠤ ᠵᠡᠭᠦᠨ ᠨᠠᠶ᠋ᠮᠠᠳᠤᠭᠠᠷ ᠰᠢᠶᠠᠩ ᠤᠨ ᠵᠦᠩ ᠵᠢᠶᠠ ᠲᠠᠷᠢᠶᠠᠯᠠᠩ ᠤᠨ ᠬᠦᠷᠢᠶᠡᠯᠡᠩ  345 ᠮᠦ ᠳᠤ ᠬᠦᠷᠴᠤ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 16 ᠲᠦᠮᠡᠨ ᠺᠦᠸᠠᠳ᠋ ᠮᠸᠲ᠋ᠷ ᠪᠤᠢ᠂ ᠲᠦᠮᠦᠰᠦᠨ ᠤ ᠰᠢᠨ᠎ᠡ ᠰᠤᠷᠲ ᠰᠢᠯᠢᠨ ᠲᠠᠷᠢᠬᠤ᠂ ᠲᠦᠮᠦᠰᠦ ᠲᠠᠷᠢᠵᠤ ᠦᠢᠯᠡᠳᠪᠦᠷᠢᠯᠡᠬᠦ᠂ ᠵᠡᠷᠭᠡᠯᠡᠯ ᠬᠤᠪᠢᠶᠠᠨ ᠪᠤᠯᠪᠠᠰᠤᠷᠠᠭᠤᠯᠬᠤ᠂ ᠨᠦᠭᠡᠴᠡᠯᠡᠬᠦ ᠪᠤᠯᠤᠨ ᠤᠬᠠᠭᠤᠯᠬᠤ ᠶᠢ ᠨᠢᠭᠡ ᠴᠤᠭᠴᠠᠯᠠᠭᠰᠠᠨ ᠤᠳᠤᠬᠢᠴᠢᠯᠠᠭᠰᠠᠨ ᠲᠠᠷᠢᠶᠠᠯᠠᠩ ᠤᠨ ᠠᠵᠤ ᠠᠬᠤᠶᠢᠯᠠᠯ ᠶᠤᠮ᠃ ᠡᠪᠤᠯ ᠤᠨ ᠠᠭᠤᠷ ᠤᠷᠤᠭᠰᠠᠨ ᠡᠴᠡ ᠪᠤᠯᠪᠠᠰᠤᠷᠠᠭᠰᠠᠨ ᠲᠦᠮᠦᠰᠦ ᠪᠡᠨ ᠨᠢᠭᠡᠨᠲᠡ ᠨᠦᠭᠡᠴᠡᠯᠡᠪᠡ᠃ ᠡᠭᠦᠨ ᠳᠤ ᠬᠠᠮᠤᠭ ᠤᠨ ᠲᠤᠮᠤ ᠲᠦᠮᠦᠰᠦᠨ ᠤ ᠬᠦᠮᠦᠷᠭᠡ ᠳᠤ 65 ᠲᠤᠨ ᠲᠦᠮᠦᠰᠤ ᠬᠠᠳᠠᠭᠠᠯᠠᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121948821