蒙古文网站Logo
ᠰᠢᠨᠬᠤᠸᠠ ᠮᠤᠩᠭ᠋ᠤᠯ ᠨᠧᠲ

ᠬᠦᠬᠡᠬᠤᠳᠠ 10 ᠰᠠᠷ᠎ᠠ ᠳᠤ ᠲᠠᠪᠬᠤᠷᠳᠠᠭᠰᠠᠨ ᠲᠤᠭ᠎ᠠ ᠪᠡᠷ 350.38 ᠲᠦᠮᠡᠨ ᠵᠢᠭᠤᠯᠴᠢᠨ ᠬᠦᠯᠢᠶᠡᠨ ᠠᠪᠤᠪᠠ

2017-11-14 12:43

    ᠤᠶᠢᠷ᠎ᠠ ᠳᠤ᠂ ᠰᠤᠷᠪᠤᠯᠵᠢᠯᠠᠭᠴᠢ ᠬᠦᠬᠡᠬᠤᠳᠠ ᠶᠢᠨ ᠠᠶᠠᠯᠠᠯ ᠵᠢᠭᠤᠯᠴᠢᠯᠠᠯ ᠤᠨ ᠬᠦᠭ᠍ᠵᠢᠯᠳᠡ ᠶᠢᠨ ᠺᠤᠮᠢᠰ ᠡᠴᠡ ᠤᠶᠢᠯᠠᠭᠠᠭᠰᠠᠨ ᠢᠶᠡᠷ᠂ ᠬᠦᠬᠡᠬᠤᠳᠠ 10 ᠰᠠᠷ᠎ᠠ ᠳᠤ ᠨᠡᠶᠢᠳᠡ ᠲᠠᠪᠬᠤᠷᠳᠠᠭᠰᠠᠨ ᠲᠤᠭ᠎ᠠ ᠪᠡᠷ 350.38 ᠲᠦᠮᠡᠨ ᠵᠢᠭᠤᠯᠴᠢᠨ ᠬᠦᠯᠢᠶᠡᠨ ᠠᠪᠴᠤ᠂ ᠡᠬᠦᠨ ᠳᠤ ᠬᠤᠨᠤᠭᠯᠠᠭᠰᠠᠨ ᠵᠢᠭᠤᠯᠴᠢᠨ ᠲᠠᠪᠬᠤᠷᠳᠠᠭᠰᠠᠨ ᠲᠤᠭ᠎ᠠ ᠪᠡᠷ 161.52 ᠲᠦᠮᠡ ᠳᠤ ᠬᠦᠷᠴᠦ᠂ ᠦᠩᠬᠡᠷᠡᠭᠰᠡᠨ ᠤᠨ ᠤ ᠮᠦᠨ ᠦᠶ᠎ᠡ ᠡᠴᠡ 13.15% ᠪᠡᠷ ᠨᠡᠮᠡᠭᠳᠡᠵᠤ᠂ ᠠᠶᠠᠯᠠᠯ ᠵᠢᠭᠤᠯᠴᠢᠯᠠᠯ ᠤᠨ 72.70 ᠳ᠋ᠦᠩᠰᠢᠭᠤᠷ ᠲᠦᠬᠦᠷᠢᠭ᠌ ᠤᠷᠤᠯᠭ᠎ᠠ ᠶᠢ ᠪᠡᠶᠡᠯᠡᠬᠦᠯᠵᠤ ᠦᠩᠬᠡᠷᠡᠭᠰᠡᠨ ᠤᠨ ᠤ ᠮᠦᠨ ᠦᠶ᠎ᠡ ᠡᠴᠡ 23.14% ᠪᠡᠷ ᠨᠡᠮᠡᠭᠳᠡᠪᠡ᠃

    ᠤᠶᠢᠯᠠᠭᠠᠭᠰᠠᠨ ᠢᠶᠡᠷ᠂ 《 ᠠᠷᠪᠠᠨ ᠰᠠᠷ᠎ᠠ ᠶᠢᠨ ᠨᠢᠬᠡᠨ》 ᠤ ᠠᠮᠠᠷᠠᠯᠳᠠ ᠶᠢᠨ ᠭᠠᠷᠠᠭ ᠲᠤ᠂ ᠵᠢᠵᠢᠭ᠌ ᠬᠡᠯᠪᠡᠷᠢ ᠶᠢᠨ ᠮᠠᠰᠢᠨ ᠡᠴᠡ ᠲᠦᠯᠦᠪᠦᠷᠢ ᠬᠤᠷᠢᠶᠠᠬᠤ ᠦᠭᠡᠢ᠂ ᠰᠠᠶᠢᠬᠠᠨ ᠠᠭᠤᠷ ᠠᠮᠢᠰᠬᠤᠯ ᠳᠤ ᠰᠠᠯᠬᠢᠨ ᠳᠤ ᠭᠠᠷᠬᠤ ᠵᠡᠷᠬᠡ ᠤᠯᠠᠨ ᠠᠰᠢᠭᠲᠠᠢ ᠡᠯᠧᠮᠧᠨ᠋ᠲ ᠲᠦ ᠬᠥᠲᠦᠯᠦᠭᠳᠡᠨ ᠦᠪᠡᠷ ᠢᠶᠡᠨ ᠮᠠᠰᠢᠨ ᠵᠢᠯᠤᠭᠤᠳᠴᠤ ᠵᠤᠭᠠᠴᠠᠭᠰᠠᠳ ᠢᠯᠡᠷᠭᠡᠶ ᠨᠡᠮᠡᠭᠳᠡᠵᠤ᠂ ᠤᠶᠢᠷ᠎ᠠ ᠬᠠᠪᠢ ᠶᠢᠨ ᠠᠶᠢᠮᠠᠭ ᠬᠤᠳᠠ ᠵᠢᠴᠢ ᠪᠡᠭᠡᠵᠢᠩ᠂ ᠲᠢᠶᠠᠨᠵᠢᠨ᠂ ᠱᠠᠨ ᠰᠢ᠂ ᠾᠧᠪᠧᠢ ᠵᠡᠷᠬᠡ ᠭᠠᠳᠠᠷ ᠮᠤᠵᠢ ᠡᠴᠡ ᠦᠪᠡᠷ ᠤᠨ ᠮᠠᠰᠢᠨ ᠢᠶᠡᠷ ᠢᠶᠡᠨ ᠵᠤᠭᠠᠴᠠᠬᠰᠠᠳ ᠠᠮᠠᠷᠠᠯᠳᠠ ᠶᠢᠨ ᠡᠳᠤᠷ ᠤᠨ ᠠᠶᠠᠯᠠᠯ ᠵᠢᠭᠤᠯᠴᠢᠯᠠᠯ ᠤᠨ ᠭᠤᠤᠯ ᠲᠦᠷᠢ ᠪᠤᠯᠵᠠᠢ᠃ ᠤᠬᠤᠷ ᠵᠠᠮ ᠤᠨ ᠵᠢᠭᠤᠯᠴᠢᠯᠠᠯ ᠤᠨ ᠱᠤᠭᠤᠮ ᠮᠦᠨ ᠲᠠᠭᠠᠰᠢᠶᠠᠭᠳᠠᠵᠤ᠂ ᠴᠢᠯᠸ ᠶᠢᠨ ᠲᠠᠯ᠎ᠠ ᠨᠤᠳᠤᠭ ᠤᠨ ᠰᠤᠶᠤᠯ ᠤᠨ ᠠᠶᠠᠯᠠᠯ ᠵᠢᠭᠤᠯᠴᠢᠯᠠᠯ ᠤᠨ ᠦᠵᠡᠮᠦᠷᠢ ᠶᠢᠨ ᠪᠦᠰᠡ ᠡᠳᠤᠷ ᠲᠤ ᠲᠠᠪᠬᠤᠷᠳᠠᠭᠰᠠᠨ ᠲᠤᠭ᠎ᠠ ᠪᠡᠷ 4000 ᠵᠢᠭᠤᠯᠴᠢᠨ ᠬᠦᠯᠢᠶᠡᠨ ᠠᠪᠴᠤ᠂ ᠵᠤᠤ ᠵᠢᠶᠦ᠋ᠨ ᠤ ᠮᠦᠽᠧᠢ᠂ ᠬᠡᠬᠡᠷ᠎ᠡ ᠶᠢᠨ ᠠᠮᠢᠳᠠᠨ ᠤ ᠬᠦᠷᠢᠶᠡᠯᠡᠩ᠂ ᠦᠬᠡᠷᠳᠤ ᠲᠤᠬᠤᠢ ᠵᠡᠷᠬᠡ ᠦᠵᠡᠮᠦᠷᠢ ᠶᠢᠨ ᠪᠦᠰᠡ ᠬᠤᠳᠠ ᠶᠢᠨ ᠢᠷᠭᠡᠳ ᠪᠤᠯᠤᠨ ᠭᠠᠳᠠᠷ ᠤᠷᠤᠨ ᠤ ᠵᠢᠭᠤᠯᠴᠢᠳ ᠢ ᠴᠦᠬᠡᠨ ᠪᠤᠰᠤ ᠬᠦᠯᠢᠶᠡᠨ ᠠᠪᠤᠭᠰᠠᠨ ᠪᠠᠶᠢᠨ᠎ᠠ᠃

ᠢᠷᠡᠯᠳᠡ᠄ ᠬᠦᠬᠡᠬᠤᠳᠠ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121953564