蒙古文网站Logo
ᠰᠢᠨᠬᠤᠸᠠ ᠮᠤᠩᠭ᠋ᠤᠯ ᠨᠧᠲ

ᠶᠡᠬᠡ ᠮᠠᠨᠠᠨ ᠡᠴᠡ ᠪᠤᠯᠵᠤ ᠴᠸᠩᠳᠦ᠋ ᠶᠢᠨ ᠨᠢᠰᠬᠦ ᠤᠩᠭ᠋ᠤᠴᠠᠨ ᠤ ᠪᠠᠭᠤᠳᠠᠯ ᠤᠨ ᠨᠢᠰᠦᠯᠭᠡ ᠰᠠᠭᠠᠲᠠᠪᠠ

2017-11-14 12:45

    ᠰᠢᠨᠬᠤᠸᠠ ᠬᠤᠷᠢᠶ᠎ᠠ ᠴᠸᠩᠳᠦ᠋ ᠶᠢᠨ 11 ᠰᠠᠷ᠎ᠠ ᠶᠢᠨ 13 ᠤ ᠡᠳᠦᠷ ᠤᠨ ᠴᠠᠬᠢᠯᠭᠠᠨ ᠮᠡᠳᠡᠭᠡ (ᠯᠢᠦᠢ ᠵᠢᠶᠦ᠋ᠨ ᠮᠢᠩ᠂ ᠰᠢᠶᠸ ᠵᠢᠶᠤᠤ) ᠰᠤᠷᠪᠤᠯᠵᠢᠯᠠᠭᠴᠢ ᠴᠸᠩᠳᠦ᠋ ᠶᠢᠨ ᠬᠤᠤᠰ ᠤᠷᠤᠰᠬᠠᠯᠲᠤ ᠤᠯᠠᠨ ᠤᠯᠤᠰ ᠤᠨ ᠨᠢᠰᠬᠦ ᠤᠩᠭ᠋ᠤᠴᠠᠨ ᠤ ᠪᠠᠭᠤᠳᠠᠯ ᠡᠴᠡ ᠤᠶᠢᠯᠠᠭᠠᠭᠰᠠᠨ ᠢᠶᠡᠷ᠂ 13 ᠤ ᠡᠳᠦᠷ ᠴᠸᠩᠳᠦ᠋ ᠶᠢᠨ ᠨᠢᠰᠬᠦ ᠤᠩᠭ᠋ᠤᠴᠠᠨ ᠤ ᠪᠠᠭᠤᠳᠠᠯ ᠳᠤ ᠳᠤᠤᠷ᠎ᠠ ᠬᠠᠭᠠᠰ ᠵᠢᠯ ᠡᠴᠡ ᠨᠠᠰᠢᠬᠢ ᠬᠠᠮᠤᠭ ᠤᠨ ᠬᠦᠨᠲᠤ ᠮᠠᠨᠠᠨ ᠲᠠᠲᠠᠪᠠ᠃ ᠦᠷᠯᠦᠭᠡ ᠶᠢᠨ 6᠄ 39 ᠴᠠᠭ ᠲᠤ᠂ ᠴᠸᠩᠳᠦ᠋ ᠶᠢᠨ ᠨᠢᠰᠬᠦ ᠤᠩᠭ᠋ᠤᠴᠠᠨ ᠤ ᠪᠠᠭᠤᠳᠠᠯ  ᠨᠢᠰᠦᠯᠭᠡ ᠰᠠᠭᠠᠲᠠᠬᠤ ᠰᠡᠷᠡᠮᠵᠢ ᠶᠢᠨ ᠲᠤᠬᠢᠶ ᠠ  ᠨᠡᠶᠢᠲᠡᠯᠡᠵᠠᠢ᠂ ᠢᠩᠭᠢᠭ᠍ᠰᠡᠨ ᠢᠶᠡᠷ 9000 ᠰᠢᠬᠠᠮ ᠬᠦᠮᠦᠨ ᠤᠳᠠᠭ᠎ᠠ ᠶᠢᠨ ᠠᠶᠠᠯᠠᠯ ᠤᠬᠤᠷ ᠬᠤᠭᠤᠴᠠᠭᠠᠨ ᠳᠤ ᠰᠠᠭᠠᠲᠠᠪᠠ᠃ ᠡᠨᠡ ᠪᠤᠯ ᠴᠸᠩᠳᠦ᠋ ᠶᠢᠨ ᠨᠢᠰᠬᠦ ᠤᠩᠭ᠋ᠤᠴᠠᠨ ᠤ ᠪᠠᠭᠤᠳᠠᠯ ᠳᠤᠤᠷ᠎ᠠ ᠬᠠᠭᠠᠰ ᠵᠢᠯ ᠠᠩᠬ᠎ᠠ ᠤᠳᠠᠭ ᠠ ᠮᠠᠨᠠᠨ ᠡᠴᠡ ᠰᠢᠯᠲᠠᠭᠠᠯᠠᠵᠤ ᠡᠶᠢᠮᠦᠷᠬᠦᠦ ᠰᠡᠷᠡᠮᠵᠢ ᠶᠢᠨ ᠲᠤᠬᠢᠶ᠎ᠠ  ᠨᠡᠶᠢᠲᠡᠯᠡᠵᠤ ᠪᠠᠶᠢᠭ᠎ᠠ ᠶᠤᠮ᠃

    13 ᠤ ᠡᠳᠦᠷ ᠤᠨ ᠦᠦᠷ ᠤᠨ 4 ᠴᠠᠭ ᠡᠴᠡ ᠡᠬᠢᠯᠡᠨ ᠮᠡᠨᠡᠨᠲᠠᠪᠠ᠂ ᠲᠤᠬᠠᠢ ᠶᠢᠨ ᠦᠶ᠎ᠠ ᠳᠤ ᠨᠢᠰᠬᠦ ᠤᠩᠭ᠋ᠤᠴᠠᠨ ᠤ ᠪᠠᠭᠤᠳᠠᠯ ᠤᠨ ᠬᠦᠶᠤᠯᠲᠡ ᠶᠢᠨ ᠵᠠᠮ ᠤᠨ ᠦᠵᠡᠭᠳᠡᠴᠠ 100 ᠮᠸᠲ᠋ᠷ ᠤᠷᠴᠢᠮ ᠯᠠ ᠪᠠᠶᠢᠵᠤ ᠨᠢᠰᠦᠯᠭᠡ ᠶᠢᠨ ᠨᠢᠰᠴᠤ ᠭᠠᠵᠠᠷᠲᠠᠬᠤ ᠳᠤ ᠨᠦᠬᠦᠴᠡᠯ ᠬᠠᠩᠭ᠋ᠠᠵᠤ ᠴᠢᠳᠠᠬᠤ ᠦᠭᠡᠢ ᠪᠤᠯᠤᠭᠰᠠᠨ ᠢᠶᠡᠷ ᠨᠢᠰᠬᠦ ᠤᠩᠭ᠋ᠤᠴᠠᠨ ᠤ ᠪᠠᠭᠤᠳᠠᠯ ᠤᠨ ᠵᠡᠭᠦᠨ ᠭᠦᠶᠦᠯᠲᠡ ᠶᠢᠨ ᠵᠠᠮ ᠢ ᠬᠠᠭᠠᠪᠠ᠃ ᠪᠠᠷᠠᠭᠤᠨ ᠭᠦᠶᠦᠯᠲᠡ ᠶᠢᠨ ᠵᠠᠮ ᠦᠵᠡᠭᠳᠡᠴᠡ ᠦᠭᠡᠢ ᠭᠠᠵᠠᠷᠲᠠᠬᠤ ᠰᠢᠰᠲ᠋ᠸᠮ ᠢ ᠠᠰᠢᠭᠯᠠᠭᠰᠠᠨ ᠪᠤᠯᠪᠠᠴᠤ ᠵᠦᠪᠬᠡᠨ ᠨᠢᠰᠬᠦ ᠱᠠᠭᠠᠷᠳᠠᠯᠭ᠎ᠠ ᠶᠢ ᠬᠠᠩᠭ᠋ᠠᠨ᠎ᠠ᠃ ᠦᠳᠡ ᠡᠴᠡ ᠡᠮᠦᠨᠡᠬᠢ 9 ᠴᠠᠭ ᠪᠤᠯᠬᠤ ᠳᠤ ᠵᠡᠭᠦᠨ ᠬᠦᠶᠦᠯᠲᠡ ᠶᠢᠨ ᠵᠠᠮ 5 ᠴᠠᠭ ᠰᠢᠬᠠᠮ ᠬᠠᠭᠠᠭᠠᠯᠲᠠ ᠲᠠᠢ ᠪᠠᠶᠢᠭᠰᠠᠨ ᠢᠶᠡᠨ ᠬᠡᠪ ᠤᠨ ᠪᠠᠶᠢᠳᠠᠯ ᠳᠤ ᠤᠷᠤᠵᠤ᠂ ᠪᠠᠷᠠᠭᠤᠨ ᠭᠦᠶᠦᠯᠲᠡ ᠶᠢᠨ ᠵᠠᠮ 9᠄ 30 ᠴᠠᠭ ᠲᠤ ᠬᠡᠪ ᠤᠨ ᠪᠠᠶᠢᠳᠠᠯ ᠳᠤ ᠪᠡᠨ ᠤᠷᠤᠵᠠᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121953567