蒙古文网站Logo
ᠰᠢᠨᠬᠤᠸᠠ ᠮᠤᠩᠭ᠋ᠤᠯ ᠨᠧᠲ

ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠦ ᠤᠩᠭ᠋ᠤᠴᠠᠨ ᠤ ᠪᠠᠭᠤᠳᠠᠯ ᠤᠨ ᠠᠭᠠᠷ ᠠᠶᠠᠯᠠᠯ ᠤᠨ ᠱᠤᠭᠤᠮ 100 ᠵᠤᠷᠪᠤᠰ ᠲᠤ ᠬᠦᠷᠪᠡ

2017-11-20 12:02

    ᠬᠦᠬᠡᠬᠤᠳᠠ ᠵᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠦ ᠤᠩᠭ᠋ᠤᠴᠠᠨ ᠤ ᠪᠠᠭᠤᠳᠠᠯ ᠤᠨ ᠠᠭᠠᠷ ᠠᠶᠠᠯᠠᠯ ᠤᠨ ᠱᠤᠭᠤᠮ 100 ᠵᠤᠷᠪᠤᠰ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 22 ᠵᠤᠷᠪᠤᠰ ᠨᠡᠮᠡᠭᠳᠡᠭᠰᠡᠨ ᠪᠠᠢᠢᠨ᠎ᠠ᠃

    ᠤᠢᠢᠯᠠᠭᠠᠬᠰᠠᠨ ᠵᠢᠡᠷ᠂ ᠤᠳᠤᠬᠠᠨ ᠳ᠋ᠤ ᠲᠤᠰ ᠨᠢᠰᠬᠦ ᠤᠩᠭ᠋ᠤᠴᠠᠨ ᠤ ᠪᠠᠭᠤᠳᠠᠯ ᠤᠨ ᠠᠭᠠᠷ ᠠᠶᠠᠯᠠᠯ ᠨᠡᠪᠲᠡᠷᠡᠵᠦ ᠪᠠᠶᠢᠭ᠎ᠠ ᠬᠤᠳᠠ ᠨᠢ 66 ᠪᠠᠢᠢᠬᠤ ᠰᠠᠭᠤᠷᠢᠨ ᠳᠡᠭᠡᠷ᠎ᠠ ᠪᠡᠨ ᠯᠢᠨ ᠹᠸᠨ᠂ ᠵᠢᠢ ᠨᠢᠩ᠂ ᠶᠠᠩᠵᠸᠤ᠂ ᠴᠢᠤᠸᠠᠠᠵᠸᠤ᠂ ᠢᠴᠠᠩ᠂ ᠯᠢᠵᠢᠶᠠᠩ᠂ ᠨᠠᠨ ᠲᠦᠩ ᠪᠠ ᠬᠤᠤᠯᠢᠨ ᠭᠤᠤᠯ ᠵᠡᠷᠬᠡ 8 ᠬᠤᠳᠠ ᠳ᠋ᠤ ᠰᠢᠨ᠎ᠠ ᠪᠡᠷ ᠠᠭᠠᠷ ᠠᠶᠠᠯᠠᠯ ᠤᠨ ᠱᠤᠭᠤᠮ ᠨᠡᠪᠲᠡᠷᠡᠬᠦᠯᠵᠦ᠂ ᠦᠰᠢ᠂ ᠯᠦᠸᠸᠶᠠᠩ᠂ ᠰᠢᠶᠠᠩᠭ᠋ᠠᠩ 3 ᠬᠤᠳᠠ ᠯᠤᠭ᠎ᠠ ᠵᠢᠨ ᠠᠭᠠᠷ ᠠᠶᠠᠯᠠᠯ ᠤᠨ ᠱᠤᠭᠤᠮ ᠢ ᠰᠡᠷᠬᠦᠬᠡᠵᠦ᠂ ᠡᠳᠦᠷ ᠪᠦᠷᠢ ᠠᠭᠠᠷ ᠠᠶᠠᠯᠠᠯ ᠨᠡᠪᠲᠡᠷᠡᠵᠦ ᠪᠠᠶᠢᠭ᠎ᠠ ᠮᠤᠵᠢ ᠵᠢᠨ ᠲᠦᠪ ᠬᠤᠳᠠ 27 ᠪᠠᠢᠢᠵᠦ᠂ ᠰᠢᠭᠤᠳ ᠠᠭᠠᠷ ᠠᠶᠠᠯᠠᠯ ᠨᠡᠪᠲᠡᠷᠡᠵᠤ ᠪᠠᠶᠢᠭ᠎ᠠ ᠬᠤᠳᠠ 57 ᠪᠤᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠡᠴᠡ 9 ᠨᠡᠮᠡᠭᠳᠡᠨ 20 ᠬᠤᠳᠠ ᠯᠤᠭ᠎ᠠ ᠨᠡᠪᠳᠡᠷᠡᠵᠦ ᠪᠠᠢᠢᠭ᠎ᠠ ᠨᠢᠰᠬᠦ ᠤᠩᠭ᠋ᠤᠴᠠᠨ ᠤ ᠡᠬᠡᠯᠵᠢ ᠵᠢᠨ ᠲᠤᠭ᠎ᠠ ᠨᠢ ᠨᠡᠮᠡᠭᠳᠡᠭᠰᠡᠨ ᠪᠠᠢᠢᠨ᠎ᠠ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121982280