蒙古文网站Logo
ᠰᠢᠨᠬᠤᠸᠠ ᠮᠤᠩᠭ᠋ᠤᠯ ᠨᠧᠲ

《ᠮᠤᠩ᠋ᠭᠤᠯ ᠵᠢᠶᠠᠩᠶ᠊ᠢᠦ》 ᠪᠤᠬᠢᠷᠳᠤᠯ ᠦᠭᠡᠢ ᠢᠳᠡᠭᠡᠨ ᠤ ᠭᠡᠷᠡᠴᠢᠯᠡᠬᠡ ᠤᠯᠤᠯ᠎ᠠ

2017-11-22 17:02

    ᠤᠢᠢᠷ᠎ᠠ ᠳ᠋ᠦ᠂ ᠪᠤᠭᠤᠳᠤ ᠬᠤᠳᠠ ᠵᠢᠨ ᠭᠦᠶᠠᠩ ᠰᠢᠶᠠᠨ ᠤ ᠯᠦ ᠰᠢᠩ ᠠᠮᠳᠠ ᠤᠷᠤᠭᠤᠯᠤᠭᠴᠢ ᠦᠢᠯᠡᠳᠬᠦ ᠬᠢᠵᠠᠭᠠᠷᠳᠤ ᠺᠤᠮᠫᠠᠨᠢ ᠵᠢᠨ ᠦᠢᠯᠡᠳᠪᠦᠷᠢᠯᠡᠭᠰᠡᠨ ᠮᠤᠩ᠋ᠭᠤᠯ ᠵᠢᠶᠠᠩᠶ᠊ᠢᠦ ᠪᠤᠬᠢᠷᠳᠤᠯ ᠦᠭᠡᠢ ᠢᠳᠡᠭᠡᠨ ᠤ ᠭᠡᠷᠡᠴᠢᠯᠡᠬᠡ ᠤᠯᠵᠠᠢ᠃ ᠋

    ᠲᠤᠰ ᠺᠤᠮᠫᠠᠨᠢ ᠨᠢ ᠤᠢᠢᠷ᠎ᠠ ᠵᠢᠨ ᠵᠢᠯ ᠤᠳ ᠲᠤ《ᠠᠶᠤᠯᠬᠦᠢ᠂ ᠴᠢᠨᠠᠷ ᠰᠠᠢᠢᠳᠠᠢ ᠂ ᠤᠷᠴᠢᠨ ᠲᠤᠭᠤᠷᠢᠨ ᠢ ᠬᠠᠮᠠᠭᠠᠯᠠᠬᠤ 》ᠪᠦᠳᠦᠭᠡᠭ᠍ᠳᠡᠭᠦᠨ ᠤ ᠪᠠᠢᠢᠷᠢ ᠲᠤᠭᠳᠠᠭᠠᠯᠳᠠ ᠶᠢ ᠪᠠᠷᠢᠮᠳᠠᠯᠠᠵᠤ᠂ ᠪᠤᠭᠤᠳᠤ ᠬᠤᠳᠠ ᠵᠢᠨ ᠾᠦᠩ ᠵᠢᠢ ᠭᠤᠯᠢᠷ ᠤᠨ ᠦᠢᠯᠡᠳᠪᠦᠷᠢᠯᠡᠯ ᠤᠨ ᠬᠡᠪᠡᠭ᠌᠂ ᠭᠤᠯᠢᠷ ᠪᠤᠯᠤᠨ ᠬᠠᠷᠠᠮᠦ᠋ᠷᠡᠨ ᠤ ᠲᠦᠩ ᠲᠠᠢ ᠪᠦᠯᠦᠭᠯᠡᠯ ᠤᠨ ᠦᠢᠯᠡᠳᠪᠦᠷᠢᠯᠡᠭᠰᠡᠨ ᠪᠤᠷᠴᠠᠭ ᠤᠨ ᠰᠢᠭᠠᠷᠤ ᠵᠡᠷᠭᠡ ᠴᠢᠨᠠᠷ ᠰᠠᠢᠢᠳᠠᠢ ᠪᠤᠬᠢᠷᠳᠤᠯ ᠦᠭᠡᠢ ᠲᠦᠭᠦᠭᠡᠢ ᠮᠠᠲ᠋ᠧᠷᠢᠶᠠᠯ ᠢᠶᠡᠷ ᠰᠠᠭᠤᠷᠢ ᠪᠤᠯᠭᠠᠵᠤ᠂ ᠲᠡᠷᠢᠭᠦᠨ ᠤ ᠲᠧᠭᠨᠤᠯᠤᠬᠢ ᠶᠢ ᠠᠰᠢᠠᠠᠯᠠᠨ ᠦᠢᠯᠡᠳᠪᠦᠷᠢᠯᠡᠭᠰᠡᠨ《ᠮᠤᠩ᠋ᠭᠤᠯ ᠵᠢᠶᠠᠩᠶ᠊ᠢᠦ》ᠨᠢ ᠦᠨᠦᠷ ᠠᠮᠳᠠ ᠶᠠᠰᠤ ᠴᠢᠨᠠᠷ ᠰᠠᠢᠢᠳᠠᠢ ᠪᠤᠯᠵᠠᠢ᠃ ᠲᠤᠰ ᠺᠤᠮᠫᠠᠨᠢ《ᠯᠦ ᠰᠢᠩ ᠲᠡᠮᠳᠡᠭᠳᠤ ᠮᠤᠩ᠋ᠭᠤᠯ ᠵᠢᠶᠠᠩᠶ᠊ᠢᠦ》 ᠶ᠋ᠢ ᠵᠢᠯ ᠪᠦᠷᠢ 400 ᠲᠤᠨ ᠦᠢᠯᠡᠳᠪᠦᠷᠢᠯᠡᠵᠦ᠂ ᠪᠦᠳᠦᠭᠡᠭ᠍ᠳᠡᠭᠦᠨ ᠤ ᠬᠠᠩᠭ᠋ᠠᠯᠭ᠎ᠠ ᠨᠢ ᠬᠡᠷᠡᠭᠴᠡᠭᠡᠨ ᠳ᠋ᠡᠭᠡᠨ ᠬᠦᠷᠬᠦ ᠦᠭᠡᠢ ᠪᠠᠶᠢᠨ᠎ᠠ᠃ ᠪᠦᠳᠦᠭᠡᠭ᠍ᠳᠡᠭᠦᠨ ᠤ ᠲᠦᠷᠦᠯ ᠲᠡᠮᠳᠡᠭᠳᠤ ᠶᠢ ᠡᠭᠦᠳᠴᠤ᠂ ᠶᠠᠰᠤ ᠴᠢᠨᠠᠷ ᠢ ᠪᠠᠳᠤᠯᠠᠨ᠂ ᠦᠷ᠎ᠠ ᠠᠰᠢᠭ ᠢ ᠲᠡᠭᠡᠭ᠍ᠰᠢᠯᠡᠭᠦᠯᠬᠦ ᠵᠢᠨ ᠲᠦᠯᠦᠭᠡ᠂ 2016 ᠤᠨ ᠳ᠋ᠦ ᠺᠤᠮᠫᠠᠨᠢ ᠨᠢ《ᠮᠤᠩ᠋ᠭᠤᠯ ᠵᠢᠶᠠᠩᠶ᠊ᠢᠦ》 ᠶ᠋ᠢ ᠪᠤᠬᠢᠷᠳᠤᠯ ᠦᠭᠡᠢ ᠢᠳᠡᠭᠡᠨ ᠤ ᠪᠠᠷᠢᠮᠵᠢᠶ᠎ᠠ ᠪᠠᠷ ᠦᠢᠯᠡᠳᠪᠦᠷᠢᠯᠡᠵᠦ ᠡᠳ᠋ᠰᠢᠭᠦᠯᠦᠨ ᠪᠤᠯᠪᠠᠰᠤᠷᠠᠭᠤᠯᠵᠤ᠂ ᠪᠤᠬᠢᠷᠳᠤᠯ ᠦᠭᠡᠢ ᠢᠳᠡᠭᠡᠨ ᠢᠶᠡᠷ ᠡᠷᠡᠮᠡᠯᠵᠡᠯᠡᠵᠦ᠂ ᠡᠨᠡ ᠵᠢᠯ ᠪᠤᠬᠢᠷᠳᠤᠯ ᠦᠭᠡᠢ ᠪᠦᠳᠦᠭᠡᠭ᠍ᠳᠡᠭᠦᠨ ᠤ ᠭᠡᠷᠡᠴᠢᠯᠡᠬᠡ ᠶᠢ ᠤᠯᠤᠭᠰᠠᠨ ᠪᠠᠶᠢᠨ᠎ᠠ᠃

    ᠭᠦᠶᠠᠩ ᠰᠢᠶᠠᠨ ᠤ ᠯᠦ ᠰᠢᠩ ᠠᠮᠳᠠ ᠤᠷᠤᠭᠤᠯᠤᠭᠴᠢ ᠦᠢᠯᠡᠳᠬᠦ ᠬᠢᠵᠠᠭᠠᠷᠳᠤ ᠺᠤᠮᠫᠠᠨᠢ ᠨᠢ ᠪᠤᠬᠢᠷᠳᠤᠯ ᠦᠭᠡᠢ ᠢᠳᠡᠭᠡᠨ ᠢ ᠢᠳᠡᠪᠬᠢᠳᠡᠢ ᠦᠢᠯᠡᠳᠪᠦᠷᠢᠯᠡᠵᠦ᠂ ᠡᠳ᠋ᠰᠢᠭᠦᠯᠦᠨ ᠪᠤᠯᠪᠠᠰᠤᠷᠠᠭᠤᠯᠵᠤ᠂ ᠪᠤᠭᠤᠳᠤ ᠬᠤᠳᠠ ᠵᠢᠨ ᠲᠠᠷᠢᠶᠠᠯᠠᠩ ᠮᠠᠯ ᠠᠵᠤ ᠠᠬᠤᠢ ᠵᠢᠨ ᠬᠠᠩ᠋ᠭᠠᠯᠭ᠎ᠠ ᠵᠢᠨ ᠲᠠᠯ᠎ᠠ ᠵᠢᠨ ᠪᠦᠳᠦᠴᠡ ᠵᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠪᠠ ᠭᠠᠵᠠᠷ ᠤᠷᠤᠨ ᠤ ᠪᠠᠨ ᠤᠳᠤ ᠦᠶ᠎ᠠ ᠶᠢᠨ ᠲᠠᠷᠢᠶᠠᠯᠠᠩ ᠮᠠᠯ ᠠᠵᠤ ᠠᠬᠤᠢ ᠵᠢᠨ ᠬᠦᠭ᠍ᠵᠢᠯᠳᠡ ᠶᠢ ᠲᠠᠢᠢᠴᠢᠯᠠᠬᠤ ᠳ᠋ᠦ ᠵᠢᠱᠢᠶᠡᠴᠢ ᠦᠢᠯᠡᠳᠦᠯ ᠦᠵᠡᠭᠦᠯᠵᠡᠢ᠃

ᠢᠷᠡᠯᠳᠡ᠄ ᠥᠪᠦᠷ ᠮᠤᠩᠭ᠋ᠤᠯ ᠤᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121995215