蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠳᠦᠷᠪᠡᠨ ᠬᠤᠪᠢ ᠡᠴᠡ ᠲᠡᠭᠡᠭ᠍ᠰᠢᠬᠢ ᠠᠯᠪᠠᠨ ᠤ ᠡᠮᠨᠡᠯᠬᠡ ᠳᠤ ᠵᠠᠬᠢᠷᠤᠯ ᠲᠤᠮᠢᠯᠠᠬᠤ ᠲᠦᠷᠢᠮ ᠬᠡᠷᠡᠭᠵᠢᠬᠦᠯᠪᠡ

2017-11-22 17:14

    ᠰᠢᠨᠬᠤᠸᠠ ᠬᠤᠷᠢᠶ᠎ᠠ   ᠬᠦᠬᠡᠬᠤᠳᠠ ᠶᠢᠨ 11 ᠰᠠᠷ᠎ᠠ ᠶᠢᠨ 20 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠵᠠᠩ ᠯᠢ ᠨᠠ) ᠰᠤᠷᠪᠤᠯᠵᠢᠯᠠᠭᠴᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠡᠷᠡᠬᠦᠯ ᠮᠡᠨᠳᠤ ᠲᠦᠯᠦᠪᠯᠡᠭᠡᠳᠤ ᠦᠷᠡᠵᠢᠯ ᠤᠨ ᠵᠦᠪᠯᠡᠯ ᠡᠴᠡ ᠤᠶᠢᠯᠠᠭᠠᠭᠰᠠᠨ ᠢᠶᠡᠷ᠂ ᠦᠪᠦᠷ ᠮᠤᠩᠭ᠋ᠤᠯ ᠲᠦᠷᠪᠡᠨ ᠬᠤᠪᠢ ᠡᠴᠡ ᠲᠡᠭᠡᠭ᠍ᠰᠢᠬᠢ ᠠᠯᠪᠠᠨ ᠤ ᠡᠮᠨᠡᠯᠬᠡ ᠳᠤ ᠵᠠᠬᠢᠷᠤᠯ ᠲᠤᠮᠢᠯᠠᠬᠤ ᠲᠦᠷᠢᠮ ᠢ ᠬᠡᠷᠡᠭᠵᠢᠬᠦᠯᠵᠤ᠂ ᠴᠠᠯᠢᠩ ᠤᠨ ᠲᠦᠷᠢᠮ ᠤᠨ ᠦᠬᠡᠷᠡᠴᠢᠯᠡᠯᠳᠡ ᠶᠢᠨ ᠴᠢᠭ ᠦᠷᠨᠢᠬᠦᠯᠵᠤ᠂ ᠵᠠᠬᠢᠷᠤᠯ ᠤᠨ ᠤᠨ ᠤ ᠴᠠᠯᠢᠩ ᠤᠨ ᠲᠦᠷᠢᠮ ᠭᠡᠷᠡᠭᠵᠢᠬᠦᠯᠬᠦ ᠢ ᠰᠦᠪᠡᠭ᠍ᠴᠢᠯᠡᠵᠤ᠂ ᠬᠠᠮᠢᠶᠠᠷᠤᠯᠳᠠ ᠶᠢᠨ ᠲᠦᠷᠢᠮ ᠤᠨ ᠦᠬᠡᠷᠡᠴᠢᠯᠡᠯᠳᠡ ᠶᠢ ᠲᠠᠰᠤᠷᠠᠯᠳᠠ ᠦᠭᠡᠢ ᠬᠦᠨᠵᠡᠬᠡᠶᠢᠷᠡᠬᠦᠯᠵᠤ ᠪᠠᠶᠢᠨ᠎ᠠ᠃

    ᠦᠪᠡᠷᠳᠡᠬᠡᠨ ᠵᠠᠰᠠᠬᠤ ᠤᠷᠤᠨ ᠤ ᠡᠷᠡᠬᠦᠯ ᠮᠡᠨᠳᠤ ᠲᠦᠯᠦᠪᠯᠡᠭᠡᠳᠤ ᠦᠷᠡᠵᠢᠯ ᠤᠨ ᠵᠦᠪᠯᠡᠯ ᠤᠨ ᠲᠦᠷᠢᠮ ᠤᠨ ᠦᠭᠡᠷᠡᠴᠢᠯᠡᠯᠳᠡ ᠶᠢᠨ ᠭᠠᠵᠠᠷ ᠤᠨ ᠲᠠᠷᠤᠭ᠎ᠠ ᠲᠢᠶᠠᠨ ᠵᠢᠶᠦ᠋ᠨ ᠤ ᠲᠠᠨᠢᠯᠴᠠᠭᠤᠯᠤᠭᠰᠠᠨ ᠢᠶᠡᠷ᠂ ᠦᠪᠦᠷ ᠮᠤᠩᠭ᠋ᠤᠯ ᠤᠨ ᠡᠯ᠎ᠡ ᠭᠠᠵᠠᠷ ᠬᠠᠮᠢᠶᠠᠷᠤᠯᠳᠠ  ᠪᠤᠯᠤᠨ ᠡᠮᠨᠡᠯᠭᠡ ᠡᠷᠬᠢᠯᠡᠬᠦ ᠶᠢ ᠳᠤᠰᠠᠭ᠋ᠠᠷᠯᠠᠬᠤ ᠪᠦᠲᠦᠮᠵᠢᠲᠡᠢ ᠵᠤᠬᠢᠶᠠᠨ ᠪᠠᠶᠢᠭᠤᠯᠬᠤ ᠬᠡᠯᠪᠡᠷᠢ ᠶᠢ ᠢᠳᠡᠪᠬᠢᠲᠡᠢ ᠰᠦᠪᠡᠭ᠍ᠴᠢᠯᠡᠵᠤ᠂ ᠠᠯᠪᠠᠨ ᠤ ᠡᠮᠨᠡᠯᠬᠡ ᠶᠢᠨ ᠬᠠᠮᠢᠶᠠᠷᠤᠯᠳᠠ ᠶᠢᠨ ᠺᠤᠮᠢᠰ ᠪᠠᠶᠢᠭᠤᠯᠵᠤ᠂ ᠨᠢᠬᠡᠳᠤᠯᠲᠡᠢ ᠲᠦᠯᠦᠪᠵᠢᠬᠦᠯᠦᠨ ᠵᠠᠰᠠᠭ ᠤᠨ ᠤᠷᠳᠤᠨ ᠡᠮᠨᠡᠯᠭᠡ ᠡᠷᠬᠢᠯᠡᠬᠦ  ᠬᠠᠷᠢᠭᠤᠴᠠᠯᠭ᠎ᠠ ᠶᠢ ᠪᠡᠶᠡᠯᠡᠬᠦᠯᠬᠦ ᠪᠤᠯᠤᠨ᠎ᠠ᠃ ᠤᠳᠤᠬᠠᠨ ᠳᠤ 87% ᠶᠢᠨ ᠠᠯᠪᠠᠨ ᠤ ᠡᠮᠨᠡᠯᠬᠡ ᠦᠪᠡᠷ ᠤᠨ ᠦᠷᠳᠡᠭ ᠢᠶᠡᠨ ᠪᠦᠷᠢᠨ ᠢᠶᠡᠷ ᠲᠤᠭᠠᠴᠠᠨ ᠪᠤᠳᠤᠬᠤ ᠲᠦᠷᠢᠮ ᠢ ᠬᠡᠷᠡᠭᠵᠢᠬᠦᠯᠵᠤ᠂ 90% ᠡᠴᠡ ᠲᠡᠭᠡᠭ᠍ᠰᠢᠬᠢ ᠭᠤᠷᠪᠠᠳᠤᠭᠠᠷ ᠲᠡᠰ ᠤᠨ ᠡᠮᠨᠡᠯᠬᠡ ᠶᠡᠷᠦᠩᠬᠡᠢ ᠨᠢᠬᠳᠠᠯᠠᠨ ᠪᠤᠳᠤᠭᠴᠢ ᠶᠢᠨ ᠲᠦᠷᠢᠮ ᠢ ᠬᠡᠷᠡᠭᠵᠢᠬᠦᠯᠤᠨ᠂ ᠭᠤᠷᠪᠠᠳᠤᠭᠠᠷ ᠲᠡᠰ ᠤᠨ ᠡᠮᠨᠡᠯᠬᠡ ᠪᠦᠬᠦᠨ ᠲᠦᠰᠦᠪᠯᠡᠨ ᠪᠤᠳᠤᠬᠤ ᠪᠤᠯᠤᠨ ᠰᠠᠩᠬᠦᠦ ᠡᠳ᠋ ᠤᠨ ᠵᠠᠰᠠᠬ ᠤᠨ ᠰᠤᠷᠠᠭ ᠵᠠᠩᠬᠢ ᠢᠯᠡ ᠪᠠᠶᠢᠬᠤ ᠲᠦᠷᠢᠮ ᠢ ᠪᠦᠬᠦ ᠲᠠᠯ᠎ᠠ ᠪᠡᠷ ᠬᠡᠷᠡᠭᠵᠢᠬᠦᠯᠵᠤ ᠪᠠᠶᠢᠨ᠎ᠠ᠃ ᠦᠬᠠᠢ ᠬᠤᠳᠠ ᠪᠠᠰᠠ ᠠᠵᠢᠯᠳᠠᠨ ᠤ ᠤᠷᠤᠨ ᠲᠤᠭ᠎ᠠ ᠶᠢᠨ ᠴᠠᠯᠢᠩ ᠤᠨ ᠲᠦᠷᠢᠮ ᠤᠨ ᠦᠭᠡᠷᠡᠴᠢᠯᠡᠯᠳᠡ ᠶᠢ ᠢᠳᠡᠪᠬᠢᠲᠡᠢ ᠰᠦᠪᠡᠭ᠍ᠴᠢᠯᠡᠵᠤ᠂ ᠠᠯᠪᠠᠨ ᠤ ᠡᠮᠨᠡᠯᠬᠡ ᠶᠢᠨ ᠠᠵᠢᠯᠳᠠᠨ ᠤ ᠲᠤᠭ᠎ᠠ ᠶᠢ ᠬᠢᠵᠠᠭᠠᠷᠯᠠᠬᠤ ᠶᠢ ᠬᠡᠷᠡᠭᠵᠢᠬᠦᠯᠵᠤ᠂ ᠬᠤᠳᠠ ᠳᠤ ᠰᠢᠨ᠎ᠡ ᠪᠡᠷ ᠨᠡᠮᠡᠭᠳᠡᠭᠰᠡᠨ 3239 ᠠᠵᠢᠯᠳᠠᠨ ᠠᠳᠠᠯᠢ ᠪᠡᠷ ᠠᠵᠢᠯᠯᠠᠨ ᠠᠳᠠᠯᠢ ᠪᠡᠷ ᠴᠠᠯᠢᠩ ᠤᠯᠬᠤ ᠶᠢ ᠪᠡᠶᠡᠯᠡᠬᠦᠯᠬᠦ ᠪᠡᠷ ᠴᠢᠷᠮᠠᠶᠢᠵᠤ ᠪᠠᠶᠢᠨ᠎ᠠ ᠭᠡᠵᠡᠢ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121995724