蒙古文网站Logo
ᠰᠢᠨᠬᠤᠸᠠ ᠮᠤᠩᠭ᠋ᠤᠯ ᠨᠧᠲ

11 ᠰᠠᠷ᠎ᠠ ᠶᠢᠨ 23 ᠤ ᠡᠳᠤᠷ ᠡᠴᠡ ᠡᠬᠢᠯᠡᠨ 12306 ᠨᠧᠲ ᠲᠤ ᠸᠢᠴᠠᠲ ᠢᠶᠡᠷ ᠲᠤᠭᠠᠴᠠᠭ᠎ᠠ ᠬᠢᠵᠤ ᠪᠤᠯᠤᠨ᠎ᠠ

2017-11-23 11:16

    ᠲᠤᠮᠳᠠᠳᠤ ᠤᠯᠤᠰ ᠤᠨ ᠲᠡᠮᠦᠷ ᠵᠠᠮ ᠤᠨ ᠲᠤᠪᠴᠢᠶ᠎ᠠ ᠶᠢᠨ ᠬᠡᠷᠡᠭᠯᠡᠭᠴᠢᠳ ᠲᠤ ᠦᠢᠯᠡᠴᠢᠯᠡᠬᠦ ᠲᠦᠪ ᠡᠴᠡ 12306 ᠨᠧᠲ ᠲᠤ ᠵᠠᠷᠯᠠᠭᠰᠠᠨ ᠮᠡᠳᠡᠭᠡ ᠶᠢ ᠦᠨᠳᠦᠰᠦᠯᠡᠪᠡᠯ᠂ 2017 ᠤᠨ ᠤ 11 ᠰᠠᠷ᠎ᠠ ᠶᠢᠨ 23 ᠤ ᠡᠳᠤᠷ ᠲᠤᠮᠳᠠᠳᠤ ᠤᠯᠤᠰ ᠤᠨ ᠲᠡᠮᠦᠷ ᠵᠠᠮ ᠤᠨ ᠬᠡᠷᠡᠭᠯᠡᠭᠴᠢᠳ ᠲᠤ ᠦᠢᠯᠡᠴᠢᠯᠡᠬᠦ ᠲᠦᠪ ᠤᠨ 12306 ᠨᠧᠲ ᠲᠤ ᠸᠢᠴᠠᠲ ᠢᠶᠡᠷ ᠳᠤᠭᠠᠴᠠᠭᠠᠯᠠᠬᠤ ᠴᠢᠳᠠᠮᠵᠢ ᠨᠡᠮᠡᠭᠳᠡᠵᠤ ᠠᠰᠢᠭᠯᠠᠯᠳᠠ ᠳᠤ ᠤᠷᠤᠪᠠ᠃

    12306 ᠨᠧᠲ ᠤᠨ ᠲᠠᠨᠢᠯᠴᠠᠭᠤᠯᠤᠭᠰᠠᠨ ᠢᠶᠡᠷ᠂ ᠸᠢᠴᠠᠲ ᠨᠤᠮᠧᠷ ᠲᠠᠢ ᠠᠶᠠᠨᠴᠢᠳ 12306 ᠨᠧᠲ ᠪᠤᠯᠤᠨ ᠭᠠᠷ ᠤᠳᠠᠰᠤᠨ ᠤ APP ᠲᠡᠭᠡᠷ᠎ᠡ ᠲᠠᠰᠤᠯᠪᠤᠷᠢ ᠠᠪᠬᠤ  ᠳᠤ ᠪᠠᠨ ᠲᠤᠭᠠᠴᠠᠭ᠎ᠠ ᠬᠢᠬᠦ ᠠᠯᠬᠤᠮ ᠳᠤ 《ᠸᠢᠴᠠᠲ ᠢᠶᠡᠷ ᠲᠤᠭᠠᠴᠠᠭᠠᠯᠠᠬᠤ》 ᠶᠢ ᠰᠤᠩᠭ᠋ᠤᠵᠤ ᠲᠤᠭᠠᠴᠠᠭ᠎ᠠ ᠬᠢᠵᠤ ᠪᠤᠯᠤᠨ᠎ᠠ᠃ ᠠᠶᠠᠨᠴᠢᠳ ᠸᠢᠴᠠᠲ ᠢᠶᠡᠷ ᠲᠤᠭᠠᠴᠠᠭᠠᠯᠠᠬᠤ ᠴᠢᠳᠠᠮᠵᠢ ᠶᠢ ᠠᠰᠢᠭᠯᠠᠬᠤ  ᠶᠢᠨ ᠳᠠᠭᠠᠤ ᠢᠯᠡᠭᠦᠬᠡᠨ ᠰᠠᠨᠠᠯ ᠵᠦᠪᠯᠡᠯᠬᠡ ᠥᠭ᠍ᠬᠦ ᠶᠢ ᠲᠡᠮᠦᠷ ᠵᠠᠮ ᠤᠨ ᠰᠠᠯᠠᠭ᠎ᠠ ᠮᠦᠴᠢᠷ ᠤᠨ ᠬᠢᠨ ᠬᠦᠰᠡᠵᠤ ᠪᠠᠶᠢᠨ᠎ᠠ᠃ 

ᠢᠷᠡᠯᠳᠡ᠄ ᠲᠤᠮᠳᠠᠳᠤ ᠤᠯᠤᠰ ᠤᠨ ᠰᠤᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121999611