蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ 2020 ᠤᠨ ᠬᠡᠬᠦ ᠳᠤ ᠥᠲᠡᠭᠦᠰ ᠤᠨ ᠶᠡᠬᠡ ᠰᠤᠷᠭᠠᠭᠤᠯᠢ ᠶᠢ 500 ᠪᠠᠶᠢᠭᠤᠯᠤᠨ᠎ᠠ

2017-11-23 11:05

    ᠰᠢᠨᠬᠤᠸᠠ ᠬᠤᠷᠢᠶ᠎ᠠ   ᠬᠦᠬᠡᠬᠤᠳᠠ ᠶᠢᠨ 11 ᠰᠠᠷ᠎ᠠ ᠶᠢᠨ 22 ᠤᠨ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠸᠠᠩ ᠵᠢᠩ) ᠰᠤᠷᠪᠤᠯᠵᠢᠯᠠᠭᠴᠢ ᠡᠮᠦᠨᠡᠬᠡᠨ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠡᠴᠡ ᠤᠶᠢᠯᠠᠭᠠᠭᠰᠠᠨ ᠢᠶᠡᠷ᠂ 2017 ᠤᠨ ᠡᠴᠡ ᠡᠬᠢᠯᠡᠨ ᠦᠪᠡᠷᠳᠡᠬᠡᠨ ᠵᠠᠰᠠᠬᠤ ᠤᠷᠤᠨ ᠦᠳᠡᠭᠦᠰ ᠤᠨ ᠰᠤᠷᠭᠠᠨ ᠬᠦᠮᠦᠵᠢᠯ ᠤᠨ ᠬᠡᠷᠡᠭᠴᠡᠭᠡ ᠬᠠᠩᠭ᠋ᠠᠯᠭ᠎ᠠ ᠶᠢ ᠨᠡᠮᠡᠭᠳᠡᠬᠦᠯᠵᠤ᠂ 2020 ᠤᠨ ᠪᠤᠯᠬᠤ ᠳᠤ ᠤᠷᠤᠨ ᠲᠠᠶᠠᠭᠠᠷ ᠲᠤ ᠦᠳᠡᠭᠦᠰ ᠤᠨ ᠶᠡᠬᠡ ᠰᠤᠷᠭᠠᠭᠤᠯᠢ ᠶᠢ 500  ᠳ᠋ᠤ ᠬᠦᠷᠭᠡᠵᠤ᠂ ᠦᠳᠡᠭᠦᠰ ᠤᠨ ᠰᠤᠷᠭᠠᠨ ᠬᠦᠮᠦᠵᠢᠯ ᠪᠤᠯᠤᠨ ᠨᠡᠶᠢᠬᠡᠮ ᠲᠤᠭᠤᠷᠢᠭ ᠤᠨ ᠰᠤᠷᠭᠠᠨ ᠬᠦᠮᠦᠵᠢᠯ ᠢ ᠭᠠᠵᠠᠷ ᠤᠷᠤᠨ ᠤ ᠰᠤᠷᠭᠠᠨ ᠬᠦᠮᠦᠵᠢᠯ ᠤᠨ ᠦᠢᠯᠡᠰ ᠪᠤᠯᠤᠨ ᠨᠡᠶᠢᠬᠡᠮ ᠲᠤᠭᠤᠷᠢᠭ ᠤᠨ ᠬᠦᠭ᠍ᠵ᠍ᠢᠯᠳᠡ ᠶᠢᠨ ᠶᠡᠷᠦᠩᠬᠡᠢ ᠲᠦᠯᠦᠪᠯᠡᠬᠡ ᠳᠤ ᠤᠷᠤᠭᠤᠯᠵᠤ᠂ ᠨᠠᠰᠤᠨ ᠲᠤᠷᠰᠢᠳᠠ ᠶᠢᠨ ᠰᠤᠷᠭᠠᠨ ᠬᠦᠮᠦᠵᠢᠯ ᠤᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃

    ᠤᠳᠤᠬᠠᠨ ᠳᠤ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠦᠪᠦᠷ ᠮᠤᠩᠭ᠋ᠤᠯ ᠤᠨ ᠷᠠᠳᠢᠣ᠋ ᠨᠡᠪᠳᠡᠷᠡᠬᠦᠯᠬᠡ ᠲᠧᠯᠧᠶ᠋ᠰ ᠤᠨ ᠶᠡᠬᠡ ᠰᠤᠷᠭᠠᠭᠤᠯᠢ ᠳᠤ ᠨᠠᠶᠢᠳᠠᠨ ᠪᠠᠶᠢᠭᠤᠯᠤᠭᠰᠠᠨ ᠦᠪᠦᠷ ᠮᠤᠩᠭ᠋ᠤᠯ ᠤᠨ ᠬᠤᠳᠠ ᠬᠦᠳᠡᠬᠡ ᠶᠢᠨ ᠨᠡᠶᠢᠬᠡᠮ ᠲᠤᠭᠤᠷᠢᠭ ᠤᠨ ᠶᠡᠬᠡ ᠰᠤᠷᠭᠠᠭᠤᠯᠢ ᠪᠤᠯᠤᠨ ᠦᠪᠦᠷ ᠮᠤᠩᠭ᠋ᠤᠯ ᠤᠨ ᠦᠳᠡᠭᠦᠰ ᠤᠨ ᠨᠡᠬᠡᠬᠡᠯᠳᠡ ᠲᠠᠢ ᠶᠡᠬᠡ ᠰᠤᠷᠭᠠᠭᠤᠯᠢ ᠪᠠᠶᠢᠬᠤ ᠪᠦᠭᠡᠳ 2 ᠠᠶᠢᠮᠠᠭ ᠬᠤᠳᠠ ᠨᠢᠭᠡᠨᠲᠡ ᠦᠳᠡᠭᠦᠰ ᠤᠨ ᠨᠡᠬᠡᠬᠡᠯᠳᠡ ᠲᠠᠢ ᠶᠡᠬᠡ ᠰᠤᠷᠭᠠᠭᠤᠯᠢ ᠪᠠᠶᠢᠭᠤᠯᠵᠤ ᠂ 7ᠠᠶᠢᠮᠠᠭ ᠬᠤᠳᠠ ᠨᠡᠶᠢᠬᠡᠮ ᠲᠤᠭᠤᠷᠢᠭ ᠤᠨ ᠲᠡᠭᠡᠳᠤ ᠰᠤᠷᠭᠠᠭᠤᠯᠢ ᠡᠷᠬᠢᠯᠡᠭᠰᠡᠨ ᠪᠠᠶᠢᠨ᠎ᠠ᠃ ᠶᠡᠷᠦᠩᠬᠡᠢ ᠳᠤ ᠨᠢ ᠠᠪᠴᠤ ᠬᠡᠯᠡᠪᠡᠯ᠂ ᠦᠪᠦᠷ ᠮᠤᠩᠭ᠋ᠤᠯ ᠤᠨ ᠦᠳᠡᠭᠦᠰ ᠤᠨ ᠰᠤᠷᠭᠠᠨ ᠬᠦᠮᠦᠵᠢᠯ  ᠡᠷᠬᠢᠯᠡᠬᠦ ᠨᠥᠬᠦᠴᠡᠯ ᠠᠨᠠᠢ᠂ ᠮᠡᠷᠭᠡᠵᠢᠯ ᠤᠨ ᠪᠠ ᠠᠵᠢᠯ ᠬᠠᠪᠰᠤᠷᠭᠠᠭᠰᠠᠨ ᠪᠠᠭᠰᠢ ᠳᠤᠲᠠᠮᠠᠬ ᠪᠦᠭᠡᠳ ᠵᠠᠷᠤᠳᠠᠯ ᠮᠦᠩᠬᠦ ᠶᠢᠨ ᠪᠠᠳᠤᠯᠠᠭ᠎ᠠ ᠶᠢᠨ ᠪᠠᠶᠢᠭᠤᠯᠤᠮᠵᠢ ᠪᠦᠷᠢᠨ ᠪᠤᠰᠤ ᠠᠰᠠᠭᠤᠳᠠᠯ ᠤᠷᠤᠰᠢᠵᠤ ᠪᠠᠶᠢᠨ᠎ᠠ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121999647