蒙古文网站Logo
ᠰᠢᠨᠬᠤᠸᠠ ᠮᠤᠩᠭ᠋ᠤᠯ ᠨᠧᠲ

2017 ᠤᠨ ᠤ ᠦᠪᠦᠷ ᠮᠣᠩᠭᠣᠯ ᠤᠨ ᠭᠦᠢᠯᠭᠡᠭᠡᠨ ᠤ ᠰᠠᠯᠪᠤᠷᠢ ᠶᠢᠨ 2 ᠲᠦᠷᠦᠯ ᠤᠨ ᠤᠬᠢᠶᠠᠯᠭ᠎ᠠ ᠶᠢᠨ ᠰᠠᠪᠤᠩ  ᠴᠢᠨᠠᠷ  ᠤᠨ ᠪᠠᠷᠢᠮᠵᠢᠶᠠᠨ ᠳᠤ ᠨᠡᠶᠢᠴᠡᠬᠦ ᠦᠭᠡᠢ ᠪᠠᠶᠢᠪᠠ

2017-11-23 11:56

    11 ᠰᠠᠷ᠎ᠠ ᠶᠢᠨ 21 ᠤ ᠡᠳᠦᠷ ᠰᠤᠷᠪᠤᠯᠵᠢᠯᠠᠭᠴᠢ ᠤᠶᠢᠯᠠᠭᠠᠠᠰᠠᠨ ᠢᠶᠡᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠦᠢᠯᠡᠳᠪᠦᠷᠢ ᠬᠤᠳᠠᠯᠳᠤᠭᠠᠨ ᠤ ᠲᠤᠪᠴᠢᠶ᠎ᠠ ᠡᠴᠡ ᠭᠦᠢᠯᠭᠡᠭᠡᠨ ᠤ ᠰᠠᠯᠪᠤᠷᠢ ᠳ᠋ᠡᠬᠢ ᠬᠤᠪᠴᠠᠰᠤ ᠤᠬᠢᠶᠠᠬᠤ ᠰᠠᠪᠤᠩ ᠳᠤ ᠰᠤᠭᠤᠴᠢᠨ ᠪᠠᠶᠢᠴᠠᠭᠠᠯᠲᠠ ᠬᠢᠪᠠ᠃ 20 ᠤ ᠡᠳᠦᠷ ᠨᠡᠶᠢᠲᠡᠯᠡᠭᠰᠡᠨ ᠦᠷ᠎ᠠ ᠳ᠋ᠦᠩ ᠡᠴᠡ ᠦᠵᠡᠪᠡᠯ᠂ 2 ᠲᠦᠷᠦᠯ ᠤᠨ ᠬᠤᠪᠴᠠᠰᠤ ᠤᠬᠢᠶᠠᠬᠤ ᠰᠠᠪᠤᠩ ᠤᠨ ᠴᠢᠨᠠᠷ ᠴᠢᠨᠰᠠᠭ᠎ᠠ ᠠᠰᠠᠭᠤᠳᠠᠯ ᠲᠠᠢ᠂ ᠭᠤᠤᠯᠳᠠᠭᠤ ᠬᠠᠭᠤᠷᠠᠢ ᠨᠠᠲ᠋ᠷᠢ ᠶᠢᠨ ᠲᠦᠷᠦᠯ ᠨᠢ ᠪᠠᠷᠢᠮᠵᠢᠶᠠᠨ ᠳᠤ ᠨᠡᠶᠢᠴᠡᠬᠦ ᠦᠭᠡᠢ ᠪᠠᠶᠢᠯ᠎ᠠ᠃

    ᠡᠨᠡᠬᠦ ᠬᠤᠶᠠᠷ ᠲᠦᠷᠦᠯ ᠤᠨ ᠪᠦᠲᠦᠭᠡᠭ᠍ᠲᠡᠬᠦᠨ ᠪᠤᠯ᠂ ᠬᠦᠬᠡᠬᠤᠲᠠ ᠶᠢᠨ ᠲᠦᠮᠡᠳ ᠵᠡᠭᠦᠨ ᠬᠤᠰᠢᠭᠤᠨ ᠤ ᡂᠢ ᠯᠧ ᠴᠤᠸᠠᠨ ᠬᠤᠳᠠᠯᠳᠤᠭᠠᠨ ᠤ ᠲᠡᠯᠡᠪᠡᠢ ᠳᠤ ᠬᠤᠳᠠᠯᠳᠤᠵᠤ ᠪᠠᠶᠢᠭ᠎ᠠ ᠱᠠᠩᠬᠠᠢ ᠶᠢᠨ ᠭᠦ᠋ ᠱᠠᠨ ᠬᠤᠳᠠᠯᠳᠤᠭᠠᠨ ᠤ ᠬᠢᠵᠠᠭᠠᠷᠲᠤ ᠺᠤᠮᠫᠠᠨᠢ ᠡᠴᠡ ᠦᠢᠯᠡᠳᠪᠦᠷᠢᠯᠡᠭᠰᠡᠨ《ᠭᠦ᠋ ᠱᠠᠨ》 ᠪᠷᠸᠨ᠋ᠳ᠋ ᠤᠨ ᠤᠭᠤᠲᠠ ᠪᠦᠷᠢ ᠳᠤ ᠪᠡᠨ3* 312 ᠭᠷᠠᠮ ᠤᠨ ᠹᠤᠰᠹᠤᠷ ᠤᠨ ᠠᠭᠤᠯᠤᠭᠳᠠᠴᠠ ᠦᠭᠡᠢ᠂ ᠤᠨ ᠰᠠᠷ᠎ᠠ ᠪᠤᠶᠤ ᠪᠦᠯᠦᠭ ᠤᠨ ᠨᠤᠮᠸᠷ ᠨᠢ 20200315 ᠪᠦᠬᠦᠢ ᠵᠢᠶᠸ ᠽᠸ ᠪᠠ ᠴᠡᠴᠡᠭ ᠤᠨ ᠦᠨᠦᠷᠲᠤ ᠪᠦᠷᠢᠨ ᠴᠢᠳᠠᠮᠵᠢᠲᠤ ᠬᠤᠪᠴᠠᠰᠤ ᠤᠬᠢᠶᠠᠬᠤ ᠰᠠᠪᠤᠩ ᠪᠤᠯᠤᠨ ᠤᠯᠠᠭᠠᠨᠴᠠᠪ ᠬᠤᠲᠠ ᠶᠢᠨ ᠵᠢᠨᠢᠩ ᠲᠤᠭᠤᠷᠢᠭ ᠤᠨ ᠬᠠᠢ ᠲᠢᠶᠠᠨ ᠬᠡᠲᠤ ᠳᠡᠯᠭᠡᠭᠦᠷ ᠲᠤ ᠬᠤᠳᠠᠯᠳᠤᠵᠤ ᠪᠠᠶᠢᠭ᠎ᠠ ᠪᠡᠭᠡᠵᠢᠩ ᠤᠨ ᠱᠢ ᠵᠢᠢ ᠶᠢᠩ ᠵᠢᠶᠠ ᠠᠮᠢᠳᠤ ᠪᠤᠳᠠᠰ ᠤᠨ ᠮᠡᠷᠭᠡᠵᠢᠯ ᠤᠨ ᠬᠢᠵᠠᠭᠠᠷᠲᠤ ᠺᠤᠮᠫᠠᠨᠢ ᠡᠴᠡ ᠦᠢᠯᠡᠳᠪᠦᠷᠢᠯᠡᠭᠰᠡᠨ ᠤᠨ ᠰᠠᠷ᠎ᠠ ᠪᠤᠶᠤ ᠪᠦᠯᠦᠭ ᠤᠨ ᠨᠤᠮᠸᠷ ᠨᠢ 20161108 ᠪᠦᠬᠦᠢ 《ᠱᠸᠩ ᠮᠠᠨ》ᠪᠷᠸᠨ᠋ᠳ᠋ ᠤᠨ 218 ᠭᠷᠡᠮ ᠤᠨ 84 ᠪᠠᠺᠲ᠋ᠸᠷᠢ ᠠᠷᠢᠯᠭᠠᠬᠤ ᠬᠤᠪᠴᠠᠰᠤ ᠤᠬᠢᠶᠠᠬᠤ ᠰᠠᠪᠤᠩ ᠪᠤᠯᠤᠨ᠎ᠠ᠃

    ᠰᠤᠭᠤᠴᠢᠨ ᠪᠠᠶᠢᠴᠠᠭᠠᠭᠠᠳ ᠪᠠᠷᠢᠮᠵᠢᠶᠠᠨ ᠳᠤ ᠨᠡᠶᠢᠴᠡᠭᠰᠡᠨ ᠦᠭᠡᠢ ᠲᠠᠸᠠᠷ ᠢ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠡᠴᠡ ᠪᠤᠷᠤᠯᠠᠭᠤᠯᠭ᠎ᠠ ᠶᠢ ᠨᠢ ᠵᠤᠬᠰᠤᠭᠠᠬᠤ ᠶᠢᠨ ᠬᠠᠮᠲᠤ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠤᠭᠲᠠᠭᠠᠯ ᠶᠤᠰᠤᠭᠠᠷ ᠲᠤᠷᠭᠤᠨ ᠰᠢᠢᠳᠭᠡᠪᠡ᠃ (ᠰᠤᠷᠪᠤᠯᠵᠢᠯᠠᠭᠴᠢ ᠸᠩ ᠸᠸᠢ ᠴᠢᠩ)

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121999929