蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠯᠪᠠᠲᠠᠨ ᠤ ᠰᠤᠷᠠᠭ ᠵᠠᠩᠭᠢ ᠴᠤᠭᠯᠠᠭᠤᠯᠬᠤ ᠪᠤᠯᠤᠨ ᠺᠡᠳ᠋ᠷ ᠠᠵᠢᠯᠲᠠᠨ ᠢ ᠪᠦᠷᠢᠳᠭᠡᠬᠦ ᠠᠵᠢᠯ ᠡᠬᠢᠯᠡᠪᠡ

2017-11-23 17:40

    ᠲᠦᠷᠦᠭᠦᠬᠡᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠮᠦᠨ ᠤ ᠨᠦᠭᠡᠴᠡ ᠬᠢᠭᠡᠳ ᠨᠡᠶᠢᠭᠡᠮ ᠤᠨ ᠪᠠᠲᠤᠯᠠᠭᠠᠨ ᠤ ᠲᠢᠩᠬᠢᠮ᠂ ᠠᠯᠪᠠᠲᠠᠨ ᠤ ᠲᠤᠪᠴᠢᠶ᠎ᠠ ᠲᠠᠢ ᠬᠠᠮᠲᠤᠷᠠᠨ ᠬᠦᠬᠡᠬᠤᠲᠠᠨ᠎ᠠ 2017 ᠤᠨ ᠤ ᠠᠯᠪᠠᠲᠠᠨ ᠤ ᠰᠤᠷᠠᠭ ᠵᠠᠩᠭᠢ ᠴᠤᠭᠯᠠᠭᠤᠯᠬᠤ ᠪᠤᠯᠤᠨ ᠺᠡᠳ᠋ᠷ ᠠᠵᠢᠯᠲᠠᠨ ᠢ ᠪᠦᠷᠢᠳᠭᠡᠬᠦ ᠠᠵᠢᠯ ᠤᠨ ᠪᠤᠯᠪᠠᠰᠤᠷᠠᠯ ᠶᠠᠪᠤᠭᠤᠯᠪᠠ᠃ ᠪᠤᠯᠪᠠᠰᠤᠷᠠᠯ ᠳᠠᠭᠤᠰᠤᠭᠰᠠᠨ ᠤ ᠳᠠᠷᠠᠭ᠎ᠠ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠯᠪᠠᠲᠠᠨ ᠤ ᠰᠤᠷᠠᠭ ᠵᠠᠩᠭᠢ ᠴᠤᠭᠯᠠᠭᠤᠯᠬᠤ ᠪᠤᠯᠤᠨ ᠺᠡᠳ᠋ᠷ ᠠᠵᠢᠯᠲᠠᠨ ᠢ ᠪᠦᠷᠢᠳᠭᠡᠬᠦ ᠠᠵᠢᠯ ᠵᠢᠩᠬᠢᠨᠢ ᠪᠡᠷ ᠡᠬᠢᠯᠡᠪᠡ᠃

    ᠠᠯᠪᠠᠲᠠᠨ ᠤ ᠰᠤᠷᠠᠭ ᠵᠠᠩᠭᠢ ᠶᠢᠨ ᠰᠢᠰᠲ᠋ᠸᠮ ᠢ ᠪᠠᠶᠢᠭᠤᠯᠬᠤ ᠨᠢ ᠨᠠᠮ ᠤᠨ ᠪᠠᠶᠢᠭᠤᠯᠤᠯᠲᠠ ᠶᠢᠨ ᠠᠵᠢᠯ ᠢ ᠰᠤᠷᠠᠭ ᠵᠠᠩᠭᠢᠴᠢᠯᠠᠬᠤ ᠴᠢᠬᠤᠯᠠ ᠡᠭᠦᠷᠭᠡ᠂ ᠠᠯᠪᠠᠳᠠᠨ ᠤ ᠬᠠᠮᠢᠶᠠᠷᠤᠯᠲᠠ ᠶᠢ ᠳᠦᠷᠢᠮᠵᠢᠭᠦᠯᠬᠦ ᠴᠢᠬᠤᠯᠠ ᠠᠷᠭ᠎ᠠ ᠠᠪᠴᠠᠯ ᠪᠤᠯᠤᠨ ᠠᠯᠪᠠᠳᠠᠨ ᠤ ᠡᠩᠨᠡᠭᠡ ᠶᠢ ᠪᠠᠶᠢᠭᠤᠯᠬᠤ ᠬᠦᠴᠦᠨ ᠪᠦᠬᠦᠢ ᠪᠠᠲᠤᠯᠠᠭ᠎ᠠ ᠶᠤᠮ᠃ ᠪᠤᠯᠪᠠᠰᠤᠷᠠᠯ ᠨᠢ ᠸᠢᠳ᠋ᠢᠤ᠋ ᠶᠢᠨ ᠬᠡᠯᠪᠡᠷᠢ ᠪᠡᠷ ᠬᠤᠰᠢᠭᠤ ᠰᠢᠶᠠᠨ ᠤ ᠨᠢᠭᠡᠳᠦᠭᠡᠷ ᠵᠡᠷᠭᠡᠯᠡᠯ ᠳᠤ ᠬᠦᠷᠴᠤ᠂ ᠤᠷᠤᠨ ᠳᠠᠶᠠᠭᠠᠷ ᠤᠨ ᠡᠯ ᠠ ᠵᠡᠷᠭᠡᠯᠡᠯ ᠤᠨ ᠢᠷᠭᠡᠨ ᠤ ᠶᠠᠪᠤᠳᠠᠯ ᠤᠨ ᠰᠠᠯᠠᠭ᠎ᠠ ᠮᠦᠴᠢᠷ ᠡᠴᠡ 2300 ᠭᠠᠷᠤᠢ ᠺᠡᠳ᠋ᠷ ᠠᠵᠢᠯᠲᠠᠨ ᠢ ᠵᠤᠬᠢᠶᠠᠨ ᠪᠠᠶᠢᠭᠤᠯᠵᠤ ᠪᠤᠯᠪᠠᠰᠤᠷᠠᠯ ᠳᠤ ᠤᠷᠤᠯᠴᠠᠭᠤᠯᠤᠨ ᠠᠯᠪᠠᠲᠠᠨ ᠤ ᠰᠤᠷᠠᠭ ᠵᠠᠩᠭᠢ ᠴᠤᠭᠯᠠᠭᠤᠯᠬᠤ᠂ ᠺᠠᠳ᠋ᠷ ᠠᠵᠢᠯᠲᠠᠨ ᠢ ᠪᠦᠷᠢᠳᠭᠡᠬᠦ᠂ ᠰᠤᠹᠲ ᠢ ᠠᠰᠢᠭᠯᠠᠬᠤ ᠵᠡᠷᠭᠡ ᠠᠵᠢᠯ ᠮᠡᠷᠭᠡᠵᠢᠯ ᠤᠨ ᠮᠡᠳᠡᠯᠭᠡ ᠶᠢ ᠰᠢᠰᠲ᠋ᠸᠮ ᠲᠠᠢ ᠰᠤᠷᠤᠯᠴᠠᠭᠤᠯᠵᠠᠢ᠃ (ᠰᠤᠷᠪᠤᠯᠵᠢᠯᠠᠭᠴᠦ ᠵᠢᠢ ᠴᠢᠩ ᠯᠢᠩ)

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122001460