蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭ᠋ᠤᠯ ᠤᠯᠠᠨ ᠡᠰᠢᠲᠦ ᠨᠡᠶᠢᠯᠡᠮᠡᠯ ᠮᠠᠶ᠊ᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠦᠯᠦᠪᠦᠷᠢ ᠲᠤᠰᠢᠶᠠᠬᠤ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠬᠡᠷᠡᠭᠵᠢᠭᠦᠯᠪᠡ

2017-11-23 17:43

    11 ᠰᠠᠷ᠎ᠠ ᠶᠢᠨ 21 ᠤ ᠡᠳᠦᠷ 《ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠦᠯᠦᠪᠦᠷᠢ ᠲᠤᠰᠢᠶᠠᠬᠤ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠤᠯᠠᠮ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠲᠥᠰᠦᠯ》(ᠳᠣᠷᠣᠭᠰᠢ 《ᠲᠥᠰᠦᠯ》ᠭᠡᠵᠦ ᠲᠣᠪᠴᠢᠯᠠᠨ᠎ᠠ) ᠢ᠋ ᠨᠡᠶᠢᠲᠡᠯᠡᠪᠡ᠃《ᠲᠥᠰᠦᠯ》 ᠳ᠋ᠤ᠂ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠬᠠᠮᠢᠶᠠᠷᠤᠯᠲᠠ ᠶᠢ ᠤᠯᠠᠮ ᠴᠢᠩᠭ᠋ᠠᠳᠬᠠᠵᠤ᠂ ᠶᠡᠷᠦᠩᠬᠡᠢ ᠲᠤᠭ᠎ᠠ ᠶᠢᠨ ᠲᠥᠰᠦᠪ ᠤᠨ ᠰᠠᠭᠤᠷᠢᠨ ᠳᠡᠭᠡᠷ᠎ᠡ᠂ ᠡᠪᠡᠳᠴᠢᠨ ᠤ ᠲᠥᠷᠥᠯ ᠢᠶᠠᠷ ᠲᠦᠯᠦᠪᠦᠷᠢ ᠲᠤᠰᠢᠶᠠᠬᠤ ᠪᠠᠷ ᠭᠤᠣᠯ ᠪᠣᠯᠭᠠᠭᠰᠠᠨ ᠤᠯᠠᠨ ᠡᠰᠢᠲᠦ ᠨᠡᠶᠢᠯᠡᠮᠡᠯ ᠮᠠᠶ᠊ᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠦᠯᠦᠪᠦᠷᠢ ᠲᠤᠰᠢᠶᠠᠬᠤ ᠠᠷᠭ᠎ᠠ ᠬᠡᠯᠪᠡᠷᠢ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ 2017 ᠣᠨ ᠤ ᠵᠢᠯ ᠤᠨ ᠡᠴᠦᠰ ᠲᠤ ᠡᠯ᠎ᠡ ᠭᠠᠵᠠᠷ ᠤᠨ ᠬᠢᠨ ᠤ ᠡᠪᠡᠳᠴᠢᠨ ᠤ ᠲᠥᠷᠥᠯ ᠢᠶᠠᠷ ᠲᠦᠯᠦᠪᠦᠷᠢ ᠲᠤᠰᠢᠶᠠᠬᠤ ᠡᠪᠡᠳᠴᠢᠨ ᠢ 100 ᠡᠴᠡ ᠳᠤᠲᠠᠭᠤ ᠦᠭᠡᠢ ᠪᠠᠶᠢᠯᠭᠠᠵᠤ᠂ ᠨᠥᠬᠦᠴᠡᠯ ᠲᠠᠢ ᠭᠠᠵᠠᠷ ᠣᠷᠣᠨ ᠨᠢ ᠡᠪᠡᠳᠴᠢᠨ ᠡᠮᠭᠡᠭ ᠤᠨ ᠣᠨᠣᠰᠢᠯᠠᠯᠲᠠ ᠪᠠᠷ ᠬᠤᠯᠪᠤᠭᠳᠠᠯ ᠪᠦᠬᠦᠢ ᠳᠤᠭᠤᠶᠢᠯᠠᠩ ᠬᠤᠪᠢᠶᠠᠨ (DRGs)ᠲᠦᠯᠦᠪᠦᠷᠢ ᠲᠤᠰᠢᠶᠠᠬᠤ ᠲᠤᠷᠰᠢᠯᠲᠠ ᠬᠢᠵᠦ᠂ ᠡᠯ᠎ᠡ ᠪᠦᠰᠡ ᠨᠤᠲᠤᠭ ᠬᠥᠮᠦᠨ ᠤ ᠲᠤᠭ᠎ᠠ ᠪᠠᠷ᠂ ᠣᠷᠣ ᠶᠢᠨ ᠡᠳᠦᠷ ᠢᠶᠠᠷ ᠪᠤᠳᠤᠬᠤ ᠵᠡᠷᠭᠡ ᠲᠦᠯᠦᠪᠦᠷᠢ ᠲᠤᠰᠢᠶᠠᠬᠤ ᠤᠯᠠᠨ ᠵᠦᠢᠯ ᠤᠨ ᠠᠷᠭ᠎ᠠ ᠬᠡᠯᠪᠡᠷᠢ ᠶᠢ ᠢᠳᠡᠪᠬᠢᠲᠡᠢ ᠶᠠᠪᠤᠭᠤᠯᠬᠤ ᠶᠢ ᠵᠤᠷᠢᠭᠵᠢᠭᠤᠯᠤᠨ᠎ᠠ᠃ 2020 ᠣᠨ ᠪᠣᠯᠬᠤ ᠳᠤ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠪᠤᠶ ᠪᠦᠬᠦᠢ ᠡᠮ ᠡᠮᠨᠡᠯᠭᠡ ᠶᠢᠨ ᠪᠠᠶᠢᠭᠤᠯᠤᠮᠵᠢ ᠪᠣᠯᠤᠨ ᠡᠮᠴᠢᠯᠡᠭᠡᠨ ᠤ ᠦᠢᠯᠡᠴᠢᠯᠡᠭᠡ ᠶᠢ ᠪᠦᠷᠬᠦᠭᠦᠯᠵᠦ᠂ ᠤᠷᠤᠨ ᠳᠠᠶᠠᠭᠠᠷ ᠲᠤ ᠠᠳᠠᠯᠢ ᠪᠤᠰᠤ ᠡᠪᠡᠳᠴᠢᠨ ᠡᠮᠭᠡᠭ᠌᠂ ᠠᠳᠠᠯᠢ ᠪᠤᠰᠤ ᠦᠢᠯᠡᠴᠢᠯᠡᠭᠡᠨ ᠤ ᠤᠨᠴᠠᠯᠢᠭ ᠲᠤ ᠵᠤᠬᠢᠴᠠᠭᠰᠠᠨ ᠤᠯᠠᠨ ᠡᠰᠢᠲᠦ ᠨᠡᠶᠢᠯᠡᠮᠡᠯ ᠮᠠᠶ᠊ᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠦᠯᠦᠪᠦᠷᠢ ᠲᠤᠰᠢᠶᠠᠬᠤ ᠠᠷᠭ᠎ᠠ ᠬᠡᠯᠪᠡᠷᠢ ᠶᠢ ᠨᠡᠶᠢᠳᠡᠮ ᠬᠡᠷᠡᠭᠵᠢᠭᠦᠯᠵᠦ᠂ ᠲᠥᠷᠥᠯ ᠵᠦᠢᠯ ᠢᠶᠠᠷ ᠲᠦᠯᠦᠪᠦᠷᠢ ᠲᠤᠰᠢᠶᠠᠬᠤ ᠬᠠᠷᠢᠴᠠᠯ ᠢ ᠮᠡᠳᠡᠭᠳᠡᠮ᠎ᠡ ᠳᠤᠷᠤᠭᠰᠢᠯᠠᠭᠤᠯᠤᠨ᠎ᠠ ᠭᠡᠵᠦ ᠲᠤᠳᠤᠷᠬᠠᠶᠢᠯᠠᠵᠡᠢ᠃

    ᠣᠶᠢᠯᠠᠭᠠᠭᠰᠠᠨ ᠢᠶᠠᠷ᠂ ᠡᠨᠡ ᠤᠳᠠᠭᠠᠨ ᠤ ᠡᠮ ᠡᠮᠨᠡᠯᠭᠡ ᠶᠢᠨ ᠳᠠᠭᠠᠳᠬᠠᠯ ᠤᠨ ᠲᠦᠯᠦᠪᠦᠷᠢ ᠲᠤᠰᠢᠶᠠᠬᠤ ᠠᠷᠭ᠎ᠠ ᠶᠢᠨ ᠥᠭᠡᠷᠡᠴᠢᠯᠡᠯᠲᠡ ᠳᠤ ᠭᠤᠣᠯᠳᠠᠭᠤ ᠡᠪᠡᠳᠴᠢᠨ ᠤ ᠳᠦᠷᠦᠯ ᠢᠶᠠᠷ ᠲᠦᠯᠦᠪᠦᠷᠢ ᠲᠤᠰᠢᠶᠠᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ᠂ ᠣᠷᠣ ᠶᠢᠨ ᠡᠳᠦᠷ ᠢᠶᠠᠷ ᠲᠦᠯᠦᠪᠦᠷᠢ ᠲᠤᠰᠢᠶᠠᠬᠤ ᠶᠢ ᠳᠡᠯᠭᠡᠷᠡᠭᠦᠯᠦᠨ ᠬᠡᠷᠡᠭᠵᠢᠭᠦᠯᠬᠦ᠂ ᠲᠤᠷᠰᠢᠯᠲᠠ ᠶᠢᠨ ᠴᠢᠭ᠋ ᠲᠤ ᠡᠪᠡᠳᠴᠢᠨ ᠡᠮᠭᠡᠭ᠌ ᠤᠨ ᠣᠨᠣᠰᠢᠯᠠᠯᠲᠠ ᠪᠠᠷ ᠬᠤᠯᠪᠤᠭᠳᠠᠯ ᠪᠦᠬᠦᠢ ᠳᠤᠭᠤᠶᠢᠯᠠᠩ ᠬᠤᠪᠢᠶᠠᠨ (DRGs)ᠲᠦᠯᠦᠪᠦᠷᠢ ᠲᠤᠰᠢᠶᠠᠬᠤ ᠶᠢ ᠦᠷᠨᠢᠭᠦᠯᠬᠦ᠂ ᠡᠭᠦᠳᠡᠨ ᠡᠮᠨᠡᠯᠭᠡ ᠶᠢᠨ ᠬᠥᠮᠦᠨ ᠤ ᠲᠤᠭ᠎ᠠ ᠪᠠᠷ ᠲᠦᠯᠦᠪᠦᠷᠢ ᠲᠤᠰᠢᠶᠠᠬᠤ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ᠂ ᠮᠣᠩᠭ᠋ᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠬᠡᠷᠡᠭᠯᠡᠬᠦ ᠶᠢ ᠵᠣᠷᠢᠭᠵᠢᠭᠤᠯᠤᠨ ᠳᠡᠮᠵᠢᠬᠦ ᠵᠡᠷᠭᠡ 5 ᠲᠠᠯ᠎ᠠ ᠶᠢᠨ ᠠᠭᠤᠯᠭ᠎ᠠ ᠪᠠᠭᠲᠠᠨ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122001471