蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳ᠋ᠡᠬᠢ ᠠᠵᠤ ᠦᠢᠯᠠᠳᠪᠦᠷᠢ ᠠᠭᠤᠷᠬᠠᠢ ᠶᠢᠨ ᠠᠵᠤ ᠠᠬᠤᠶᠢᠯᠠᠯ ᠢ ᠪᠦᠬᠦᠨ ᠢ ᠵᠤᠭᠰᠤᠭᠠᠬᠤ ᠲᠥᠰᠦᠯ ᠭᠠᠷᠭᠠᠯ᠎ᠠ

2017-11-24 16:59

    ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠡᠷ ᠠᠬᠢᠭᠤᠯᠵᠤ᠂ ᠡᠯ᠎ᠠ ᠵᠡᠷᠭᠡᠯᠡᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳ᠋ᠡᠬᠢ ᠠᠵᠤ ᠦᠢᠯᠠᠳᠪᠦᠷᠢ ᠠᠭᠤᠷᠬᠠᠢ ᠶᠢᠨ ᠠᠵᠤ ᠠᠬᠤᠶᠢᠯᠠᠯ ᠢ ᠡᠮᠬᠢ ᠲᠠᠢ ᠤᠬᠤᠷᠢᠭᠤᠯᠬᠤ ᠶᠢ ᠠᠬᠢᠭᠤᠯᠬᠤ ᠶᠢᠨ ᠲᠦᠯᠦᠭᠡ ᠬᠦᠬᠡᠬᠤᠲᠠ ᠲᠦᠷᠦᠭᠦᠬᠡᠨ《ᠬᠦᠬᠡᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳ᠋ᠡᠬᠢ ᠠᠵᠤ ᠦᠢᠯᠠᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠤᠬᠤᠷᠢᠨ ᠭᠠᠷᠬᠤ ᠲᠦᠰᠦᠯ》 ᠢ᠋ ᠳᠠᠷᠤᠮᠠᠯᠯᠠᠨ ᠲᠠᠷᠬᠠᠭᠠᠪᠠ᠃

    ᠲᠤᠰ ᠲᠦᠰᠦᠯ ᠳᠤ᠂ ᠲᠦᠪ ᠭᠤᠤᠯᠴᠢ ᠢᠯᠡ ᠪᠡᠷ᠂ ᠬᠠᠤᠯᠢ ᠶᠤᠰᠤᠭᠠᠷ ᠡᠮᠬᠢ ᠲᠡᠢ᠂ ᠵᠠᠰᠠᠭ ᠡᠴᠡ ᠤᠳᠤᠷᠢᠳᠤᠨ᠂ ᠰᠠᠯᠠᠭ᠎ᠠ ᠮᠦᠴᠢᠷ ᠬᠠᠮᠳᠤᠷᠠᠯᠴᠠᠵᠤ᠂ ᠵᠦᠢ ᠵᠤᠬᠢᠰᠲᠠᠢ ᠨᠦᠬᠦᠪᠦᠷᠢᠯᠡᠬᠦ ᠪᠤᠯᠤᠨ ᠲᠦᠷᠦᠯ ᠵᠡᠷᠭᠡᠯᠡᠯ ᠬᠤᠪᠢᠶᠠᠨ ᠰᠶ᠋ᠢᠳᠪᠦᠷᠢᠯᠡᠬᠦ ᠵᠠᠷᠴᠢᠮ ᠢ ᠪᠠᠷᠢᠮᠲᠠᠯᠠᠨ᠂ 3 ᠵᠢᠯ ᠰᠢᠬᠠᠮ ᠤᠨ ᠬᠤᠭᠤᠴᠠᠭᠠᠨ ᠳᠤ ᠬᠤᠲᠠ ᠶᠢᠨ ᠵᠡᠷᠭᠡᠯᠡᠯ ᠡᠴᠡ ᠳᠡᠭᠡᠭ᠍ᠰᠢᠬᠢ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳ᠋ᠡᠬᠢ 100 ᠠᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠪᠦᠬᠦᠨ ᠢ ᠡᠮᠬᠢ ᠲᠠᠢ ᠤᠬᠤᠷᠢᠭᠤᠯᠤᠨ ᠭᠠᠷᠭᠠᠬᠤ ᠪᠡᠷ ᠲᠦᠯᠦᠪᠯᠡᠵᠤ ᠪᠤᠢ᠃ 2018 ᠤᠨ ᠤ 8 ᠰᠠᠷ᠎ᠠ ᠶᠢᠨ ᠡᠴᠤᠰ  ᠡᠴᠡ ᠡᠮᠦᠨ᠎ᠠ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳ᠋ᠡᠬᠢ ᠠᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠠᠭᠤᠯᠠ ᠠᠭᠤᠷᠬᠠᠢ ᠭ᠍ᠸᠤᠯᠤᠭᠢ ᠶᠢᠨ ᠤᠷᠴᠢᠨ ᠲᠤᠭᠤᠷᠢᠨ ᠤ ᠪᠤᠬᠢᠷᠳᠤᠯ ᠢ ᠠᠷᠢᠯᠭᠠᠬᠤ ᠶᠢᠨ ᠬᠠᠮᠲᠤ ᠰᠢᠯᠭᠠᠨ ᠬᠤᠷᠢᠶᠠᠨ ᠠᠪᠬᠤ ᠶᠢ ᠪᠡᠶᠡᠯᠡᠭᠦᠯᠵᠤ᠂ 2020 ᠤᠨ ᠤ 6 ᠰᠠᠷ᠎ᠠ ᠶᠢᠨ ᠡᠴᠤᠰ ᠪᠤᠯᠲᠠᠯ ᠠ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳ᠋ᠡᠬᠢ ᠠᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠪᠦᠬᠦᠨ ᠢ ᠤᠬᠤᠷᠢᠭᠤᠯᠤᠨ ᠭᠠᠷᠭᠠᠵᠤ᠂ 2020 ᠤᠨ ᠤ 12 ᠰᠠᠷ᠎᠎ᠠ ᠶᠢᠨ ᠡᠴᠤᠰ ᠡᠴᠡ ᠡᠮᠦᠨ᠎ᠠ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠠᠮᠢ ᠠᠬᠤᠢ ᠶᠢᠨ ᠤᠷᠴᠢᠨ ᠢ ᠪᠦᠬᠦᠨ ᠢ ᠰᠡᠷᠭᠦᠭᠡᠬᠦ ᠪᠡᠷ ᠲᠦᠯᠦᠪᠯᠡᠵᠤ ᠪᠤᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122006801