蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠬᠤᠪᠢᠰᠬᠠᠯ ᠤᠨ ᠲᠠᠤᠬᠡ ᠶᠢᠨ ᠮᠦᠽᠸᠢ ᠶᠢ ᠰᠢᠨ᠎ᠠ ᠪᠡᠷ ᠪᠠᠶᠢᠭᠤᠯᠬᠤ ᠪᠡᠷ ᠪᠤᠢ

2017-11-27 12:54

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠵᠤ᠂ ᠤᠷᠤᠨ ᠳᠠᠶᠠᠭᠠᠷ ᠤᠨ ᠤᠨᠴᠠᠯᠢᠭᠲᠤ ᠮᠦᠽᠸᠢ ᠶᠢᠨ ᠲᠤᠭᠲᠠᠯᠴᠠᠭ᠎᠎ᠠ ᠶᠢᠨ ᠪᠠᠶᠢᠭᠤᠯᠤᠯᠳᠠ ᠶᠢ ᠠᠬᠢᠭᠤᠯᠬᠤ ᠶᠢᠨ ᠲᠦᠯᠦᠭᠡ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠡᠴᠡ ᠬᠦᠬᠡᠬᠤᠲᠠ ᠳᠤ ᠦᠪᠦᠷ ᠮᠣᠩᠭᠣᠯ ᠤᠨ ᠬᠤᠪᠢᠰᠬᠠᠯ ᠤᠨ ᠲᠠᠤᠬᠡ ᠶᠢᠨ ᠮᠦᠽᠸᠢ ᠶᠢ ᠰᠢᠨ᠎ᠠ ᠪᠡᠷ ᠪᠠᠶᠢᠭᠤᠯᠬᠤ ᠪᠡᠷ ᠲᠤᠭᠲᠠᠪᠠ᠃ ᠤᠳᠤᠬᠠᠨ ᠳᠤ᠂ ᠲᠤᠰ ᠲᠦᠰᠦᠯ ᠤᠨ ᠢᠨᠵᠸᠨ᠋ᠸᠷᠢᠩ ᠨᠢ ᠪᠠᠷᠢᠯᠭ᠎ᠠ ᠡᠬᠢᠯᠡᠬᠦ ᠡᠴᠡ ᠡᠮᠦᠨᠡᠬᠢ ᠪᠠᠯᠠᠳᠭᠡᠯ ᠠᠵᠢᠯ ᠢᠶᠡᠨ ᠬᠢᠵᠤ ᠪᠤᠢ᠃

    ᠦᠪᠦᠷ ᠮᠣᠩᠭᠣᠯ ᠤᠨ ᠬᠤᠪᠢᠰᠬᠠᠯ ᠤᠨ ᠲᠠᠤᠬᠡ ᠶᠢᠨ ᠮᠦᠽᠸᠢ ᠶᠢ ᠤᠤᠯ ᠤᠨ ᠬᠦᠬᠡᠬᠤᠲᠠ ᠶᠢᠨ ᠫᠢᠸᠤ᠋ ᠶᠢᠨ ᠦᠢᠯᠡᠳᠪᠦᠷᠢ ᠶᠢᠨ ᠬᠠᠭᠤᠴᠢᠨ ᠪᠠᠶᠢᠷᠢ ᠳᠤ ᠪᠠᠶᠢᠭᠤᠯᠤᠨ᠎ᠠ᠃ ᠲᠦᠰᠦᠯ ᠤᠨ ᠡᠵᠡᠯᠡᠬᠦ ᠶᠡᠷᠦᠩᠬᠡᠢ ᠲᠡᠯᠡᠪᠡᠢ 141800 ᠺᠦᠸᠠᠳ᠋ ᠮᠸᠲ᠋ᠷ᠂ ᠪᠠᠷᠢᠯᠭ᠎ᠠ ᠶᠢᠨ ᠶᠡᠷᠦᠩᠬᠡᠢ ᠲᠠᠯᠠᠪᠠᠢ 135820 ᠺᠦᠸᠠᠳ᠋ ᠮᠸᠲ᠋ᠷ᠃ 3 ᠵᠢᠯ ᠤᠨ ᠬᠤᠭᠤᠴᠠᠭ᠎ᠠ ᠬᠡᠷᠡᠭᠰᠡᠨ 5 ᠲᠠᠪᠬᠤᠷ ᠤᠨ ᠪᠠᠷᠢᠯᠭ᠎ᠠ ᠪᠠᠷᠢᠬᠤ ᠪᠡᠷ ᠪᠤᠢ᠃ ᠭᠤᠤᠯᠳᠠᠭᠤ ᠶᠡᠷᠦᠩᠬᠡᠶᠢᠯᠡᠭᠰᠡᠨ ᠶᠡᠬᠡ ᠲᠠᠩᠬᠢᠮ᠂ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠭᠰᠡᠨ ᠦᠵᠡᠰᠭᠦᠯᠡᠩ ᠤᠨ ᠲᠠᠩᠬᠢᠮ᠂ ᠬᠤᠪᠢᠰᠬᠠᠯ ᠤᠨ ᠲᠡᠤᠬᠡ ᠶᠢᠨ ᠲᠠᠩᠭᠢᠮ᠂ ᠦᠪᠦᠷ ᠮᠣᠩᠭᠣᠯ ᠤᠨ ᠮᠤᠷᠢᠲᠤ ᠴᠡᠷᠢᠭ᠌ ᠤᠨ ᠦᠵᠡᠰᠭᠦᠯᠡᠩ ᠤᠨ ᠲᠠᠩᠬᠢᠮ᠂ ᠦᠵᠡᠮᠦᠷᠢ ᠶᠢᠨ ᠪᠤᠳᠠᠰ ᠤᠨ ᠮᠡᠷᠭᠡᠵᠢᠯ ᠤᠨ ᠲᠤᠭᠤᠷᠢᠭ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠤᠭᠤᠷᠢᠭ᠂ ᠡᠷᠳᠡᠮ ᠰᠢᠨᠵᠢᠯᠡᠭᠡ ᠰᠤᠷᠭᠠᠨ ᠬᠦᠮᠦᠵᠢᠯ ᠤᠨ ᠲᠤᠭᠤᠷᠢᠭ᠂ ᠠᠵᠢᠯ ᠮᠡᠷᠭᠡᠵᠢᠯ ᠤᠨ ᠰᠤᠳᠤᠯᠭᠠᠨ ᠤ ᠲᠤᠭᠤᠷᠢᠭ᠂ ᠠᠷᠤ ᠶᠢᠨ ᠠᠯᠪᠠᠨ ᠵᠠᠰᠠᠭ ᠵᠠᠬᠢᠷᠭᠠᠨ ᠤ ᠲᠤᠭᠤᠷᠢᠭ ᠵᠡᠷᠭᠡ ᠴᠢᠳᠠᠮᠵᠢ ᠲᠠᠢ᠃ ᠡᠭᠦᠨ ᠳᠤ 3 ᠲᠦᠮᠡ ᠰᠢᠬᠠᠮ ᠺᠦᠸᠠᠳ᠋ ᠮᠸᠲ᠋ᠷ ᠲᠠᠯᠠᠪᠠᠢ ᠶᠢ ᠦᠪᠦᠷ ᠮᠣᠩᠭᠣᠯ ᠤᠨ ᠬᠤᠪᠢᠰᠬᠠᠯ ᠤᠨ ᠲᠡᠤᠬᠡ ᠶᠢ ᠳᠡᠯᠭᠡᠨ ᠦᠵᠡᠭᠦᠯᠬᠦ ᠳᠤ ᠠᠰᠢᠭᠯᠠᠵᠤ᠂ 3 ᠲᠦᠮᠡ ᠰᠢᠬᠠᠮ ᠺᠦᠸᠠᠳ᠋ ᠮᠸᠲ᠋ᠷ ᠲᠠᠯᠠᠪᠠᠢ ᠶᠢ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠰᠠᠭᠤᠷᠢᠨ ᠤ ᠲᠡᠤᠬᠡ ᠶᠢ ᠳᠡᠯᠭᠡᠨ ᠦᠵᠡᠭᠦᠯᠬᠦ ᠳᠤ ᠠᠰᠢᠭᠯᠠᠨ᠂ 4 ᠲᠦᠮᠡ ᠰᠢᠬᠠᠮ ᠺᠦᠸᠠᠳ᠋ ᠮᠸᠲ᠋ᠷ ᠲᠠᠯᠠᠪᠠᠢ ᠶᠢ ᠨᠡᠶᠢᠲᠡ ᠶᠢᠨ ᠦᠢᠯᠡᠴᠢᠯᠡᠭᠡ᠂ ᠲᠦᠷ ᠴᠠᠭ ᠤᠨ ᠦᠵᠡᠰᠭᠦᠯᠡᠩ᠂ ᠬᠤᠷᠠᠯ ᠯᠸᠺᠼᠢ᠂ ᠤᠯᠤᠰ ᠢᠶᠡᠨ ᠬᠠᠶᠢᠷᠠᠯᠠᠬᠤ ᠦᠵᠡᠯ᠂ ᠲᠠᠩᠭ᠋ᠠᠷᠢᠭᠯᠠᠬᠤ ᠰᠤᠷᠭᠠᠨ ᠬᠦᠮᠦᠵᠢᠯ ᠵᠡᠷᠭᠡ ᠳᠤ ᠠᠰᠢᠭᠯᠠᠵᠤ᠂ 3.6 ᠲᠦᠮᠡ ᠰᠢᠬᠠᠮ ᠺᠦᠸᠠᠳ᠋ ᠮᠸᠲ᠋ᠷ ᠲᠠᠯᠠᠪᠠᠢ ᠶᠢ ᠢᠵᠢ ᠪᠦᠷᠢᠨ ᠮᠠᠰᠢᠨ ᠤ ᠦᠷᠦᠬᠡ᠂ ᠳᠡᠳ᠋ ᠪᠦᠲᠦᠴᠡ ᠶᠢᠨ ᠬᠡᠷᠡᠭᠯᠡᠭᠡᠨ ᠤ ᠦᠷᠦᠭᠡ᠂ ᠬᠦᠮᠦᠷᠭᠡ᠂ ᠭᠠᠯ ᠢ ᠰᠡᠷᠭᠡᠶᠢᠯᠡᠬᠦ᠂ ᠮᠠᠰᠢᠨ ᠤ ᠵᠤᠭᠰᠤᠭᠠᠯ ᠵᠡᠷᠭᠡ ᠳᠤ ᠠᠰᠢᠭᠯᠠᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001122016305