蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠳᠤ ᠨᠡᠢᠢᠬᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠰᠠᠭᠤᠷᠢᠨ ᠰᠢᠨ᠎ᠠ ᠪᠡᠷ 6 ᠨᠡᠮᠡᠭᠳᠡᠪᠡ

2017-11-28 15:06

    ᠲᠦᠷᠦᠬᠦᠬᠡᠨ᠂ ᠦᠪᠦᠷ ᠮᠣᠩᠭᠣᠯ ᠤᠨ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶ᠎ᠠ ᠵᠢᠨ ᠤᠬᠠᠭᠤᠯᠬᠤ ᠬᠡᠯᠳᠡᠰ᠂ ᠦᠪᠡᠷᠳᠡᠬᠡᠨ ᠵᠠᠰᠠᠬᠤ ᠤᠷᠤᠨ ᠤ ᠨᠡᠢᠢᠬᠡᠮ ᠤᠨ ᠰᠢᠨᠵᠢᠯᠡᠬᠦ ᠤᠬᠠᠭᠠᠨ ᠤ ᠬᠤᠯᠪᠤᠭ᠎ᠠ ᠡᠴᠡ《ᠦᠪᠦᠷ ᠮᠤᠩᠭ᠋ᠤᠯ ᠤᠨ ᠦᠪᠡᠷᠳᠡᠬᠡᠨ ᠵᠠᠰᠬᠠᠤ ᠤᠷᠤᠨ ᠤ ᠵᠢᠷᠭᠤᠳᠤᠭᠠᠷ ᠪᠦᠯᠦᠭ ᠨᠡᠢᠢᠬᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠰᠠᠭᠤᠷᠢᠨ ᠢ ᠨᠡᠷᠡᠢᠢᠳᠬᠦ ᠳᠤᠬᠠᠢ ᠳᠤᠭᠳᠠᠭᠠᠯ》  ᠢ᠋ ᠳᠠᠷᠬᠠᠭᠠᠵᠤ᠂ ᠬᠦᠬᠡᠬᠤᠳᠠ ᠵᠢᠨ ᠵᠤᠤ ᠵᠢᠶᠦ᠋ᠨ ᠮᠦᠽᠸᠢ ᠵᠢᠨ ᠬᠦᠷᠢᠶᠡᠯᠡᠩ ᠵᠡᠷᠬᠡ 6 ᠨᠢᠬᠡᠴᠡ ᠵᠢ ᠦᠪᠦᠷ ᠮᠣᠩᠭᠣᠯ ᠤᠨ ᠦᠪᠡᠷᠳᠡᠬᠡᠨ ᠵᠠᠰᠬᠠᠤ ᠤᠷᠤᠨ ᠤ ᠵᠢᠷᠭᠤᠳᠤᠭᠠᠷ ᠪᠦᠯᠦᠭ ᠨᠡᠢᠢᠬᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠰᠠᠭᠤᠷᠢᠨ ᠢᠶᠡᠷ ᠨᠡᠷᠡᠢᠢᠳᠴᠡᠢ᠃

    ᠡᠨᠡᠬᠦ 6 ᠨᠢᠬᠡᠴᠡ ᠨᠢ᠂ ᠬᠦᠬᠡᠬᠤᠳᠠ ᠵᠢᠨ ᠵᠤᠤ ᠵᠢᠶᠦ᠋ᠨ ᠮᠦᠽᠸᠢ ᠵᠢᠨ ᠬᠦᠷᠢᠶᠡᠯᠡᠩ᠂ ᠬᠦᠬᠡᠬᠤᠳᠠ ᠵᠢᠨ ᠨᠤᠮ ᠤᠨ ᠰᠠᠩ᠂ ᠪᠤᠭᠤᠳᠤ ᠵᠢᠨ ᠶᠠᠷᠢᠶ᠎ᠠ ᠢᠯᠡᠳᠬᠡᠯ ᠤᠨ ᠪᠠᠭᠠᠷ᠂ ᠲᠦᠩᠯᠢᠶᠤᠤ ᠬᠤᠳᠠ ᠵᠢᠨ ᠮᠦᠽᠸᠢ᠂ ᠵᠢᠨᠢᠩ ᠤᠨ ᠲᠠᠢᠢᠯᠠᠯᠳᠤᠭᠠᠨ ᠤ ᠬᠤᠪᠢᠰᠬᠠᠯᠳᠤ ᠳᠤᠷᠠᠰᠬᠠᠯ ᠤᠨ ᠬᠦᠷᠢᠶᠡᠯᠡᠩ ᠪᠠ ᠤᠷᠳᠤᠰ ᠮᠦᠽᠸᠢ ᠪᠤᠯᠤᠨ᠎ᠠ᠃ ᠤᠳᠤᠬᠠᠨ ᠳᠤ ᠦᠪᠦᠷ ᠮᠣᠩᠭᠣᠯ ᠤᠨ ᠦᠪᠡᠷᠳᠡᠬᠡᠨ ᠵᠠᠰᠬᠠᠤ ᠤᠷᠤᠨ ᠤ ᠨᠡᠢᠢᠬᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠰᠠᠭᠤᠷᠢᠨ 46 ᠪᠤᠯᠤᠭᠠᠳ ᠪᠤᠢ᠃

    ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤ ᠢᠯᠡᠳᠬᠡᠭ᠍ᠰᠡᠨ ᠢᠶᠡᠷ᠂ ᠰᠢ ᠵᠢᠨ ᠫᠢᠩ ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ ᠤᠨ ᠤᠨᠴᠠᠯᠢᠭ ᠳᠠᠢ ᠨᠡᠢᠢᠬᠡᠮ ᠵᠢᠷᠤᠮ ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠯᠳᠠ᠂ ᠴᠠᠭ ᠦᠶᠡᠴᠢᠯᠡᠯᠳᠠ᠂ ᠤᠯᠠᠨ ᠲᠦᠮᠡᠨᠴᠢᠯᠡᠯᠳᠠ ᠵᠢ ᠠᠬᠢᠭᠤᠯᠵᠤ᠂ ᠨᠡᠢᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠵᠢ ᠨᠡᠢᠢᠬᠡᠮ ᠤᠨ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠵᠢᠴᠢ ᠡᠯ᠎ᠠ ᠳᠠᠯ᠎ᠠ ᠳᠠᠢ ᠠᠭᠤᠰᠤᠯᠴᠠᠭᠤᠯᠵᠤ᠂《ᠦᠵᠡᠰᠬᠦᠯᠡᠩᠳᠤ ᠰᠠᠢᠢᠬᠠᠨ ᠦᠪᠦᠷ ᠮᠤᠩᠭ᠋ᠤᠯ ᠢᠶᠡᠨ ᠪᠦᠳᠦᠬᠡᠨ ᠪᠠᠢᠢᠭᠤᠯᠵᠤ᠂ ᠠᠭᠤᠤ ᠶᠡᠬᠡ ᠳᠤᠮᠳᠠᠳᠤ ᠵᠢᠨ ᠵᠡᠬᠦᠳᠤ ᠪᠠᠨ ᠬᠠᠮᠳᠤᠪᠡᠷ ᠳᠡᠷᠬᠡᠯᠰᠢᠬᠦᠯᠬᠦ》ᠳ᠋ᠤ ᠢᠳᠡᠪᠬᠢᠳᠡᠢ ᠬᠤᠪᠢ ᠨᠡᠮᠡᠷᠢ ᠦᠵᠡᠬᠦᠯᠦᠨ᠎ᠠ ᠬᠡᠪᠡ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122022953