蒙古文网站Logo
ᠰᠢᠨᠬᠤᠸᠠ ᠮᠤᠩᠭ᠋ᠤᠯ ᠨᠧᠲ

ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠲᠤᠰᠬᠠᠢ ᠠᠰᠢᠭ ᠤᠨ ᠭᠠᠷᠠᠭ ᠤᠨ ᠦᠪᠦᠷ ᠮᠣᠩᠭᠣᠯ ᠳ᠋ᠡᠬᠢ ᠠᠵᠢᠯᠯᠠᠭ᠎ᠠ ᠡᠬᠢᠯᠡᠪᠡ

2017-11-28 17:23

    ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠲᠤᠰᠬᠠᠢ ᠠᠰᠢᠭ ᠤᠨ ᠭᠠᠷᠠᠭ ᠤᠨ ᠦᠪᠦᠷ ᠮᠣᠩᠭᠣᠯ ᠳ᠋ᠡᠬᠢ ᠠᠵᠢᠯᠯᠠᠭ᠎ᠠ 11 ᠰᠠᠷ᠎ᠠ ᠶᠢᠨ 27 ᠤ ᠡᠳᠦᠷ ᠡᠴᠡ 12 ᠰᠠᠷ᠎ᠠ ᠶᠢᠨ 3 ᠤ ᠡᠳᠦᠷ ᠪᠤᠯᠲᠠᠯ᠎ᠠ ᠤᠷᠤᠨ ᠳᠠᠶᠠᠭᠷ ᠤᠨ ᠬᠡᠪᠴᠢᠶᠡᠨ ᠳᠤ ᠶᠠᠪᠤᠭᠳᠠᠨ᠎ᠠ᠃

    ᠲᠤᠰ ᠤᠳᠠᠭᠠᠨ ᠤ ᠲᠤᠰᠬᠠᠢ ᠠᠰᠢᠭ ᠤᠨ ᠭᠠᠷᠠᠭ《ᠨᠠᠮ ᠤᠨ ᠠᠷᠪᠠ ᠶᠢᠰᠦᠳᠦᠭᠡᠷ ᠶᠡᠬᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠤᠶᠤᠨ ᠤ ᠦᠮᠴᠢ ᠶᠢᠨ ᠡᠷᠬᠡ ᠶᠢᠨ ᠡᠭᠦᠳᠦᠯᠲᠠ᠂ ᠬᠠᠮᠠᠭᠠᠯᠠᠯᠲᠠ᠂ ᠬᠡᠷᠡᠭ᠍ᠵᠢᠭᠦᠯᠦᠯᠲᠠ ᠶᠢ ᠴᠢᠩᠭ᠋ᠠᠳᠬᠠᠬᠤ》 ᠪᠡᠷ ᠭᠤᠤᠯ ᠰᠡᠳᠦᠪ ᠢᠶᠡᠨ ᠪᠤᠯᠭᠠᠵᠤ᠂ ᠲᠤᠰᠬᠠᠢ ᠠᠰᠢᠭ ᠤᠨ ᠴᠢᠨᠠᠷ ᠴᠢᠨᠰᠠᠭ᠎ᠠ ᠶᠢ ᠨᠡᠮᠡᠭᠳᠡᠭᠦᠯᠦᠨ ᠰᠤᠷᠲᠠᠯᠴᠢᠯᠠᠬᠤ ᠪᠡᠷ ᠵᠤᠷᠢᠯᠭ᠎ᠠ ᠪᠡᠨ ᠪᠤᠯᠭᠠᠨ᠎ᠠ᠃ ᠨᠡᠶᠢᠭᠡᠮ ᠤᠨ ᠤᠶᠤᠨ ᠤ ᠦᠮᠴᠢ ᠶᠢᠨ ᠡᠷᠬᠡ ᠶᠢᠨ ᠡᠷᠴᠢ ᠬᠦᠴᠦᠨ ᠢ ᠰᠡᠷᠡᠭᠡᠵᠤ᠂ ᠤᠶᠤᠨ ᠤ ᠦᠮᠴᠢ ᠶᠢᠨ ᠡᠷᠬᠡ ᠶᠢᠨ ᠡᠭᠦᠳᠦᠯᠲᠠ ᠶᠢ ᠤᠯᠠᠨ ᠡᠴᠡ ᠰᠢᠯᠢᠳᠡᠭ ᠲᠠᠶᠢᠰᠢ᠂ ᠲᠤᠮᠤ ᠡᠴᠡ ᠬᠦᠴᠦᠷᠭᠡᠭ᠌ ᠲᠠᠶᠢᠰᠢ ᠠᠬᠢᠭᠤᠯᠤᠨ᠂ ᠤᠶᠤᠨ ᠤ ᠦᠮᠴᠢ ᠶᠢᠨ ᠡᠷᠬᠡ ᠶᠢᠨ ᠰᠢᠨ᠎ᠠ ᠶᠢ ᠡᠭᠦᠳᠬᠦ ᠬᠠᠮᠢᠶᠠᠷᠤᠯᠲᠠ ᠪᠤᠯᠤᠨ ᠦᠢᠯᠡᠴᠢᠯᠡᠭᠡᠨ ᠤ ᠱᠠᠭᠠᠷᠳᠠᠯᠭ᠎ᠠ ᠶᠢ ᠭᠦᠨᠵᠡᠭᠡᠢ ᠲᠦᠪᠯᠡᠷᠡᠭᠦᠯᠵᠤ᠂ ᠡᠯ᠎ᠠ ᠲᠦᠷᠦᠯ ᠤᠨ ᠤᠶᠤᠨ ᠤ ᠦᠮᠴᠢ ᠶᠢᠨ ᠡᠷᠬᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠬᠤᠷᠠᠮᠳᠤᠭᠤᠯᠵᠤ᠂ ᠴᠢᠨᠠᠷ ᠴᠢᠨᠰᠠᠭ᠎ᠠ ᠪᠦᠬᠦᠢ ᠠᠵᠢᠯᠯᠠᠭ᠎ᠠ ᠶᠢ ᠵᠤᠬᠢᠶᠠᠨ ᠪᠠᠶᠢᠭᠤᠯᠬᠤ ᠪᠡᠷ ᠳᠠᠮᠵᠢᠨ ᠨᠠᠶᠢᠲᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠳᠤ ᠰᠠᠭᠤᠷᠢᠯᠠᠨ ᠬᠤᠪᠢ ᠬᠤᠪᠢᠨ ᠳ᠋ᠤᠨᠢ ᠦᠢᠯᠡᠴᠢᠯᠡᠬᠦ ᠵᠠᠭᠪᠤᠷ ᠢ ᠪᠤᠢ ᠪᠤᠯᠭᠠᠵᠤ᠂ ᠠᠵᠤ ᠠᠬᠤᠶᠢᠯᠠᠯ ᠤᠨ ᠤᠶᠤᠨ ᠤ ᠦᠮᠴᠢ ᠶᠢᠨ ᠡᠷᠬᠡ ᠶᠢᠨ ᠪᠤᠳᠠᠳᠠᠢ ᠠᠰᠠᠭᠤᠳᠠᠯ ᠢ ᠰᠶ᠋ᠢᠳᠪᠦᠷᠢᠯᠡᠨ ᠠᠵᠤ ᠠᠬᠤᠶᠢᠯᠠᠯ ᠤᠨ ᠤᠶᠤᠨ ᠤ ᠦᠮᠴᠢ ᠶᠢᠨ ᠡᠷᠬᠡ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭ᠍ᠰᠢᠯᠡᠭᠦᠯᠦᠨ᠎ᠠ᠃

    ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠤᠶᠤᠨ ᠤ ᠦᠮᠴᠢ ᠶᠢᠨ ᠡᠷᠬᠡ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠪ ᠤᠨ《ᠠᠷᠠᠳ ᠲᠤ ᠳᠦᠭᠦᠮ ᠦᠵᠡᠭᠦᠯᠬᠦ ᠲᠦᠯᠦᠪᠯᠡᠭᠡ》 ᠬᠦᠬᠡᠬᠤᠲᠠ ᠳᠤ ᠬᠡᠷᠡᠭᠵᠢᠭᠦᠯᠦᠭᠳᠡᠬᠦ ᠶᠢ ᠠᠬᠢᠭᠤᠯᠤᠨ᠂ ᠠᠵᠤ ᠠᠬᠤᠶᠢᠯᠠᠯ ᠪᠤᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠬᠤᠭᠤᠷᠤᠨᠲᠤᠬᠢ ᠬᠦᠭᠦᠷᠭᠡ ᠪᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠲᠤᠰᠬᠠᠢ ᠠᠰᠢᠭ ᠤᠨ ᠮᠡᠷᠭᠡᠵᠢᠯ ᠤᠨ ᠦᠷ᠎ᠠ ᠪᠦᠲᠦᠭᠡᠯ ᠢ ᠵᠤᠬᠢᠰᠲᠠᠢ ᠠᠰᠢᠭᠯᠠᠨ᠂ ᠦᠷ᠎ᠠ ᠪᠦᠲᠦᠭᠡᠯ ᠤᠨ ᠬᠤᠪᠢᠷᠠᠯᠲᠠ ᠶᠢ ᠲᠦᠷᠭᠡᠳᠭᠡᠵᠤ《ᠠᠷᠠᠳ ᠲᠤ ᠳᠦᠭᠦᠮ ᠦᠵᠡᠭᠦᠯᠬᠦ ᠲᠦᠯᠦᠪᠯᠡᠭᠡ》 ᠶ᠋ᠢᠨ ᠲᠤᠰᠬᠠᠢ ᠠᠰᠢᠭ ᠤᠨ ᠲᠤᠰᠠ ᠶᠢ ᠪᠦᠭᠦᠳᠡ ᠳᠤ ᠡᠳ᠋ᠯᠡᠭᠦᠯᠬᠦ ᠶᠢᠨ ᠲᠥᠯᠦᠭᠡ ᠬᠦᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ (ᠰᠤᠶᠤᠯ ᠤᠨ ᠦᠪ ᠤᠨ ᠲᠤᠪᠴᠢᠶ᠎ᠠ) ᠡᠴᠡ ᠲᠤᠰᠬᠠᠢ ᠠᠰᠢᠭ ᠤᠨ ᠭᠠᠷᠠᠭ ᠤᠨ ᠠᠵᠢᠯᠯᠠᠭᠠᠨ ᠤ ᠬᠤᠭᠤᠴᠠᠭᠠᠨ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠤᠶᠤᠨ ᠤ ᠦᠮᠴᠢ ᠶᠢᠨ ᠡᠷᠬᠡ ᠶᠢ ᠡᠵᠡᠩᠨᠡᠬᠦ ᠬᠠᠮᠢᠶᠠᠷᠤᠯᠲᠠ ᠶᠢᠨ ᠲᠦᠪ ᠲᠤ《ᠠᠷᠠᠳ ᠲᠤ ᠳᠦᠭᠦᠮ ᠦᠵᠡᠭᠦᠯᠬᠦ ᠲᠦᠯᠦᠪᠯᠡᠭᠡ》 ᠶ᠋ᠢᠨ ᠲᠤᠰᠬᠠᠢ ᠠᠰᠢᠭ ᠤᠨ ᠵᠤᠯᠭᠠᠯᠲᠠ ᠶᠢᠨ ᠬᠤᠷᠠᠯ ᠵᠤᠬᠢᠶᠠᠨ ᠪᠠᠶᠢᠭᠤᠯᠬᠤ ᠪᠡᠷ ᠪᠤᠢ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122024688