蒙古文网站Logo
ᠰᠢᠨᠬᠤᠸᠠ ᠮᠤᠩᠭ᠋ᠤᠯ ᠨᠧᠲ

ᠶᠡᠬᠡ ᠲᠡᠭᠡᠳᠤ ᠰᠤᠷᠭᠠᠭᠤᠯᠢ ᠲᠡᠬᠦᠰᠦᠭᠰᠡᠨ ᠤᠶᠤᠳᠠᠳ ᠦᠨᠳᠦᠰᠦᠨ ᠱᠠᠳᠤᠨ ᠳᠤ ᠲᠠᠪᠳᠠᠨ ᠪᠤᠯᠪᠠᠰᠤᠷᠠᠬᠤ ᠲᠦᠰᠦᠯ  ᠢ ᠡᠬᠢᠯᠡᠭᠦᠯᠵᠤ 6 ᠵᠦᠢᠯ ᠤᠨ ᠠᠷᠭ᠎ᠠ ᠬᠡᠮᠵᠢᠶ᠎ᠠ ᠪᠡᠷ ᠵᠠᠯᠠᠭᠤ ᠴᠢᠳᠠᠪᠤᠷᠢᠳᠠᠨ ᠢ ᠬᠦᠮᠦᠵᠢᠬᠦᠯᠦᠨ᠎ᠡ

2017-11-28 17:30

    ᠡᠮᠦᠨᠡᠬᠡᠨ᠂ ᠪᠤᠯᠪᠠᠰᠤᠨ ᠬᠦᠴᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠶᠠᠮᠤᠨ᠂ ᠨᠠᠮ ᠤᠨ ᠲᠦᠪ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂ ᠰᠤᠷᠭᠠᠨ ᠬᠦᠮᠦᠵᠢᠯ ᠤᠨ ᠶᠠᠮᠤᠨ᠂ ᠰᠠᠩᠬᠦᠦ ᠡᠳ᠋ ᠤᠨ ᠵᠠᠰᠠᠭ ᠤᠨ ᠶᠠᠮᠤᠨ᠂ ᠡᠪᠯᠡᠯ ᠤᠨ ᠲᠥᠪ ᠬᠤᠷᠢᠶ᠎ᠠ ᠬᠠᠮᠳᠤᠷᠠᠨ ᠮᠡᠳᠡᠭᠳᠡᠯ ᠬᠡᠪᠯᠡᠨ ᠲᠠᠷᠬᠠᠭᠠᠵᠤ《 ᠶᠡᠭᠡ ᠲᠡᠭᠡᠳᠤ ᠰᠤᠷᠭᠠᠭᠤᠯᠢ ᠲᠡᠬᠦᠰᠦᠭᠰᠡᠨ ᠤᠶᠤᠳᠠᠨ ᠤ ᠦᠨᠳᠦᠰᠦᠨ ᠱᠠᠳᠤᠨ ᠳᠤ ᠲᠠᠪᠳᠠᠨ ᠪᠤᠯᠪᠠᠰᠤᠷᠠᠬᠤ ᠲᠦᠰᠦᠯ》(ᠲᠤᠤᠷ᠎ᠠ 《ᠲᠦᠰᠦᠯ》 ᠬᠡᠵᠤ ᠲᠤᠪᠴᠢᠯᠠᠶ᠎ᠠ) ᠢ᠋ ᠬᠠᠮᠳᠤᠪᠡᠷ ᠡᠬᠢᠯᠡᠭᠦᠯᠦᠨ ᠬᠡᠷᠡᠭᠵᠢᠬᠦᠯᠤᠨ᠎ᠠ ᠬᠡᠵᠡᠢ᠃

    《ᠲᠦᠰᠦᠯ》 ᠳ᠋ᠤ ᠨᠠᠮ ᠤᠨ ᠠᠷᠪᠠ ᠶᠢᠰᠦᠳᠤᠬᠡᠷ ᠶᠡᠬᠡ ᠬᠤᠷᠠᠯ ᠤᠨ ᠵᠤᠷᠢᠭ ᠰᠠᠨᠠᠭ᠎ᠠ᠂ ᠰᠢ ᠵᠢᠨ ᠫᠢᠩ ᠨᠦᠬᠦᠷ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮᠳᠤ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠨ 《ᠲᠠᠪᠤ ᠶᠢ ᠨᠢᠬᠡ ᠴᠤᠭᠴᠠᠵᠢᠭᠤᠯᠬᠤ》 ᠶᠡᠷᠦᠩᠬᠡᠢ ᠪᠦᠲᠦᠴᠡ ᠪᠤᠯᠤᠨ 《ᠲᠦᠷᠪᠡᠨ ᠪᠦᠬᠦ ᠲᠠᠯ᠎ᠠ》 ᠶ᠋ᠢ ᠨᠢᠬᠡᠳᠤᠯᠲᠡᠢ ᠲᠦᠯᠦᠪᠵᠢᠬᠦᠯᠦᠨ ᠠᠬᠢᠭᠤᠯᠵᠤ᠂ ᠦᠨᠳᠦᠰᠦᠨ ᠱᠠᠳᠤ ᠪᠤᠯᠤᠨ ᠶᠠᠳᠠᠭᠤ ᠬᠦᠴᠢᠷᠳᠡᠯᠲᠡᠢ ᠭᠠᠵᠠᠷ ᠤᠷᠤᠨ ᠳᠤ ᠵᠠᠯᠠᠭᠤ ᠴᠢᠳᠠᠪᠤᠷᠢᠳᠠᠨ ᠢ ᠲᠠᠪᠳᠠᠨ ᠪᠤᠯᠪᠠᠰᠤᠷᠠᠭᠤᠯᠬᠤ ᠶᠢ ᠴᠢᠩᠬ᠋ᠠᠳᠬᠠᠵᠤ᠂ ᠦᠨᠳᠤᠷ ᠬᠡᠪ ᠪᠤᠯᠪᠠᠰᠤᠷᠠᠯ ᠲᠠᠢ ᠦᠨᠳᠦᠰᠦᠨ ᠱᠠᠳᠤᠨ ᠤ ᠴᠢᠳᠠᠪᠤᠷᠢᠳᠠᠨ ᠤ ᠪᠠᠭ ᠢ ᠬᠦᠮᠦᠵᠢᠬᠦᠯᠵᠤ᠂ ᠦᠨᠳᠦᠰᠦᠨ ᠱᠠᠳᠤᠨ ᠤ ᠡᠳ᠋ ᠤᠨ ᠵᠠᠰᠠᠭ ᠨᠡᠶᠢᠬᠡᠮ ᠤᠨ ᠬᠦᠭ᠍ᠵᠢᠯᠳᠡ ᠳᠤ ᠴᠢᠳᠠᠪᠤᠷᠢᠳᠠᠨ ᠬᠠᠩᠭ᠋ᠠᠵᠤ᠂ ᠦᠨᠳᠦᠰᠦᠨ ᠱᠠᠳᠤᠨ ᠤ ᠬᠦᠭ᠍ᠵᠢᠯᠳᠡ ᠪᠤᠯᠤᠨ ᠴᠢᠳᠠᠪᠤᠷᠢᠳᠠᠨ ᠤ ᠬᠦᠮᠦᠵᠢᠭᠳᠡᠬᠦ ᠶᠢ ᠨᠢᠭᠡᠳᠬᠡᠬᠦ ᠶᠢ ᠪᠡᠶᠡᠯᠡᠬᠦᠯᠦᠨ᠎ᠡ ᠬᠡᠵᠡᠢ᠃

    《ᠲᠦᠰᠦᠯ》 ᠢ᠋ ᠭᠤᠤᠯᠳᠠᠭᠤ ᠶᠡᠭᠡ ᠲᠡᠭᠡᠳᠤ ᠰᠤᠷᠭᠠᠭᠤᠯᠢ ᠲᠡᠬᠦᠰᠦᠭᠡᠳ ᠡᠯ᠎ᠡ ᠲᠦᠷᠦᠯ ᠤᠨ ᠬᠡᠯᠪᠡᠷᠢ ᠪᠡᠷ ᠦᠨᠳᠦᠰᠦᠨ ᠱᠠᠳᠤᠨ  ᠳᠤ ᠦᠢᠯᠡᠴᠢᠯᠡᠵᠤ ᠠᠵᠢᠯᠯᠠᠵᠤ ᠪᠠᠶᠢᠭ᠎ᠠ ᠤᠶᠤᠲᠠᠳ ᠲᠤ ᠵᠤᠷᠢᠭᠤᠯᠤᠨ 10 ᠰᠢᠬᠠᠮ ᠵᠢᠯ ᠠᠵᠢᠯᠯᠠᠭᠤᠯᠵᠤ᠂ ᠰᠤᠷᠭᠠᠨ ᠬᠦᠮᠦᠵᠢᠯ ᠤᠨ ᠪᠤᠯᠪᠠᠰᠤᠷᠠᠯ᠂ ᠦᠢᠯᠡᠳᠤᠯᠬᠡ ᠲᠠᠳᠤᠯᠭ᠎ᠠ᠂ ᠠᠵᠢᠯ ᠮᠡᠷᠬᠡᠵᠢᠯ ᠤᠨ ᠬᠦᠭ᠍ᠵᠢᠯᠲᠡ᠂ ᠬᠠᠮᠢᠶᠠᠷᠤᠯᠳᠠ ᠶᠢᠨ ᠦᠢᠯᠡᠴᠢᠯᠡᠬᠡ ᠵᠡᠷᠬᠡ ᠬᠡᠯᠬᠢᠶ᠎ᠡ ᠠᠷᠭ᠎ᠠ ᠬᠡᠮᠵᠢᠶ᠎ᠡ ᠠᠪᠴᠤ᠂ ᠪᠦᠳᠦᠴᠡ ᠵᠤᠬᠢᠰᠲᠠᠢ᠂ ᠬᠡᠪ ᠴᠢᠨᠠᠷ ᠰᠢᠯᠢᠳᠡᠭ᠂ ᠬᠡᠪ ᠰᠤᠷᠳᠠᠯ ᠴᠢᠩᠭ᠋᠎ᠠ ᠦᠨᠳᠦᠰᠦᠨ ᠱᠠᠳᠤᠨ ᠤ ᠵᠠᠯᠠᠭᠤ ᠴᠢᠳᠠᠪᠤᠷᠢᠳᠠᠨ ᠤ ᠡᠩᠨᠡᠬᠡ ᠶᠢ ᠪᠠᠶᠢᠭᠤᠯᠤᠨ᠎ᠠ᠃ ᠲᠡᠰ ᠲᠠᠪᠬᠤᠷᠭ᠎ᠠ ᠲᠠᠢ᠂ ᠤᠯᠠᠨ ᠲᠦᠷᠦᠯᠵᠢᠭᠰᠡᠨ ᠦᠨᠳᠦᠰᠦᠨ ᠱᠠᠳᠤᠨ ᠤ ᠰᠢᠯᠢᠳᠡᠭ ᠵᠠᠯᠠᠭᠤ ᠴᠢᠳᠠᠪᠤᠷᠢᠳᠠᠨ ᠤ ᠨᠦᠬᠡᠴᠡ ᠶᠢᠨ ᠰᠤᠩᠭ᠋ᠤᠯᠳᠠ ᠶᠢᠨ ᠰᠢᠰᠲ᠋ᠧᠮ ᠪᠠᠶᠢᠭᠤᠯᠬᠤ ᠪᠡᠷ ᠲᠠᠮᠵᠢᠨ ᠲᠦᠯᠦᠪᠯᠡᠬᠡ ᠲᠠᠢ ᠪᠦᠭᠡᠳ ᠭᠤᠤᠯᠳᠠᠯᠭ᠎ᠠ ᠲᠠᠢ ᠪᠠᠷ ᠨᠢᠬᠡ ᠪᠦᠯᠦᠭ ᠦᠨᠳᠦᠰᠦᠨ ᠱᠠᠳᠤᠨ ᠤ ᠬᠠᠮᠢᠶᠠᠷᠤᠯᠳᠠ ᠶᠢᠨ ᠴᠢᠳᠠᠪᠤᠷᠢᠳᠠᠨ᠂ ᠨᠢᠬᠡ ᠪᠦᠯᠦᠭ ᠦᠨᠳᠦᠰᠦᠨ ᠱᠠᠳᠤᠨ ᠤ ᠲᠤᠰᠬᠠᠢ ᠮᠡᠷᠬᠡᠵᠢᠯ ᠤᠨ ᠴᠢᠳᠠᠪᠤᠷᠢᠳᠠᠨ ᠪᠤᠯᠤᠨ ᠨᠢᠬᠡ ᠪᠦᠯᠦᠭ ᠦᠨᠳᠦᠰᠦᠨ ᠱᠠᠳᠤᠨ ᠤ ᠰᠢᠨ᠎ᠡ ᠶᠢ ᠡᠬᠦᠳᠬᠦ ᠴᠢᠳᠠᠪᠤᠷᠢᠳᠠᠨ ᠢ ᠰᠢᠯᠢᠵᠤ ᠭᠠᠷᠭᠠᠨ᠎ᠠ᠃

    ᠶᠡᠬᠡ ᠲᠡᠭᠡᠳᠤ ᠰᠤᠷᠭᠠᠭᠤᠯᠢ ᠲᠡᠬᠦᠰᠦᠭᠰᠡᠳ ᠤᠨ ᠦᠨᠳᠦᠰᠦᠨ ᠱᠠᠳᠤᠨ ᠳᠤ ᠲᠠᠪᠳᠠᠨ ᠪᠤᠯᠪᠠᠰᠤᠷᠠᠬᠤ ᠤᠨᠴᠠᠯᠢᠭ ᠪᠤᠯᠤᠨ ᠱᠠᠭᠠᠷᠳᠠᠯᠭ᠎ᠠ ᠶᠢᠨ ᠲᠠᠯ᠎ᠠ ᠪᠡᠷ 《ᠲᠦᠰᠦᠯ》 ᠳ᠋ᠤ 6 ᠲᠦᠷᠦᠯ ᠤᠨ ᠪᠤᠳᠠᠳᠠᠢ ᠲᠦᠯᠦᠪᠯᠡᠬᠡ ᠲᠤᠭᠳᠠᠭᠠᠵᠠᠢ᠃ ᠲᠤᠳᠤᠷᠠᠭᠤᠯᠪᠠᠯ᠂ ᠴᠢᠳᠠᠪᠤᠷᠢ ᠬᠡᠪ ᠪᠤᠯᠪᠠᠰᠤᠷᠠᠯ  ᠢ ᠨᠢ ᠲᠡᠭᠡᠭ᠍ᠰᠢᠯᠡᠬᠦᠯᠬᠦ᠂ ᠠᠵᠢᠯ ᠤᠨ ᠪᠠᠶᠢᠷᠢ ᠳᠡᠭᠡᠷ᠎ᠡ ᠨᠢ ᠪᠤᠯᠪᠠᠰᠤᠷᠠᠭᠤᠯᠬᠤ᠂ ᠠᠵᠢᠯ ᠮᠡᠷᠬᠡᠵᠢᠯ ᠶᠢᠡᠷ ᠨᠢ ᠬᠦᠭ᠍ᠵᠢᠭᠦᠯᠬᠦ᠂ ᠪᠤᠯᠪᠠᠰᠤᠷᠠᠬᠤ ᠤᠷᠴᠢᠨ ᠪᠦᠷᠢᠯᠳᠤᠬᠦᠯᠵᠤ ᠦᠭ᠍ᠬᠦ᠂ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢᠨ ᠲᠦᠯᠦᠪᠯᠡᠬᠡ ᠪᠤᠯᠤᠨ ᠴᠢᠳᠠᠪᠤᠷᠢᠳᠠᠨ ᠰᠤᠩᠭ᠋ᠤᠬᠤ ᠲᠦᠯᠦᠪᠯᠡᠬᠡ ᠵᠡᠷᠬᠡ ᠪᠤᠯᠪᠠᠰᠤᠷᠠᠯ ᠢᠶᠡᠷ ᠲᠠᠮᠵᠢᠨ ᠶᠡᠭᠡ ᠲᠡᠭᠡᠳᠤ ᠰᠤᠷᠭᠠᠭᠤᠯᠢ ᠲᠡᠬᠦᠰᠦᠭᠰᠡᠨ ᠤᠶᠤᠳᠠᠳ ᠤᠨ ᠦᠨᠳᠦᠰᠦᠨ ᠱᠠᠳᠤᠨ ᠳᠤ ᠠᠵᠢᠯᠯᠠᠬᠤ ᠠᠳᠠᠯᠢ ᠪᠤᠰᠤ ᠭᠤᠭᠴᠤᠭ᠎ᠠ ᠳᠤ ᠬᠠᠷᠠᠭᠠᠯᠵᠠᠭᠰᠠᠨ ᠠᠳᠠᠯᠢ ᠪᠤᠰᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠲᠤᠭᠳᠠᠭᠠᠭᠰᠠᠨ ᠪᠠᠶᠢᠨ᠎ᠠ᠃

    《ᠲᠦᠰᠦᠯ》ᠨᠢ ᠶᠡᠬᠡ ᠲᠡᠭᠡᠳᠤ ᠰᠤᠷᠭᠠᠭᠤᠯᠢ ᠲᠡᠬᠦᠰᠦᠭᠰᠡᠨ ᠤᠶᠤᠳᠠᠳ ᠦᠨᠳᠦᠰᠦᠨ ᠱᠠᠳᠤᠨ ᠳᠤ ᠠᠵᠢᠯᠯᠠᠬᠤ ᠶᠢ ᠪᠠᠶᠢᠩᠭ᠋ᠤᠵᠢᠭᠤᠯᠬᠤ ᠪᠠᠶᠢᠭᠤᠯᠤᠮᠵᠢ ᠶᠢᠨ ᠰᠢᠨ᠎ᠡ ᠶᠢ ᠡᠬᠦᠳᠦᠭᠰᠡᠨ ᠴᠢᠬᠤᠯᠠ ᠠᠷᠭ᠎ᠠ ᠬᠡᠮᠵᠢᠶ᠎ᠡ ᠪᠤᠯᠬᠤ ᠪᠦᠭᠡᠳ ᠶᠡᠭᠡ ᠲᠡᠭᠡᠳᠤ ᠰᠤᠷᠭᠠᠭᠤᠯᠢ ᠲᠡᠬᠦᠰᠦᠭᠰᠡᠨ ᠤᠶᠤᠳᠠᠳ ᠤᠨ ᠦᠨᠳᠦᠰᠦᠨ ᠱᠠᠳᠤᠨ ᠳᠤ ᠲᠤᠬᠲᠠᠪᠤᠷᠢᠳᠠᠢ ᠠᠵᠢᠯ ᠤᠯᠬᠤ ᠶᠢᠨ ᠬᠠᠮᠳᠤ ᠲᠠᠪᠳᠠᠨ ᠪᠤᠯᠪᠠᠰᠤᠷᠠᠵᠤ ᠴᠢᠳᠠᠪᠤᠷᠢᠳᠠᠨ ᠪᠤᠯᠬᠤ ᠳᠤ ᠨᠢ ᠲᠤᠰᠠᠯᠠᠨ᠎ᠠ᠃ 

ᠢᠷᠡᠯᠳᠡ᠄ ᠠᠷᠠᠳ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122024969