蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ᠄ ᠤᠯᠠᠨ ᠴᠢᠳᠠᠮᠵᠢᠲᠤ ᠨᠡᠶᠢᠲᠡ ᠶᠢᠨ ᠵᠤᠷᠯᠦᠩ ᠬᠤᠲᠠ ᠶᠢᠨ ᠵᠡᠷᠭᠡᠯᠡᠯ ᠢ ᠳᠡᠭᠡᠭ᠍ᠰᠢᠯᠡᠭᠦᠯᠪᠠ

2017-11-29 16:58

ᠬᠦᠬᠡᠬᠤᠲᠠ ᠶᠢᠨ ᠰᠢᠩ ᠾᠦᠸ ᠵᠡᠭᠡᠯᠢ ᠶᠢᠨ ᠤᠯᠠᠨ ᠴᠢᠳᠠᠮᠵᠢᠲᠤ ᠨᠡᠶᠢᠲᠡ ᠶᠢᠨ ᠵᠤᠷᠯᠤᠩ᠃(ᠵᠢᠷᠤᠭ ᠢ ᠰᠢᠦᠢ ᠮᠸᠢ)

    ᠦᠨᠦ ᠵᠢᠯ ᠡᠴᠡ ᠨᠠᠰᠢ᠂ ᠦᠪᠦᠷ ᠮᠣᠩᠭᠣᠯ ᠤᠨ ᠬᠦᠬᠡᠬᠤᠲᠠ ᠤᠳᠤᠬᠢᠴᠢᠯᠠᠭᠰᠠᠨ ᠲᠸᠭ᠍ᠨᠤᠯᠤᠭᠢ᠂ ᠦᠨᠳᠦᠰᠦᠨ ᠨᠡᠶᠢᠲᠡ ᠶᠢᠨ ᠦᠢᠯᠡᠴᠢᠯᠡᠭᠡᠨ ᠪᠠ ᠦᠵᠡᠮᠵᠢ ᠶᠢᠨ ᠪᠠᠷᠢᠯᠭ᠎ᠠ ᠶᠢ ᠨᠢᠭᠡ ᠴᠤᠭᠴᠠᠯᠠᠭᠰᠠᠨ ᠤᠯᠠᠨ ᠴᠢᠳᠠᠮᠵᠢᠲᠤ ᠨᠡᠶᠢᠲᠡ ᠶᠢᠨ ᠵᠤᠷᠯᠤᠩ ᠢ ᠰᠢᠨ᠎ᠠ ᠪᠡᠷ ᠪᠠᠶᠢᠭᠤᠯᠪᠠ᠃ ᠡᠳᠡᠭᠡᠷ ᠨᠡᠶᠢᠲᠡ ᠶᠢᠨ ᠵᠤᠷᠯᠤᠩ ᠨᠢ ᠠᠷᠠᠳ ᠲᠤ ᠳᠦᠭᠦᠮ ᠦᠵᠡᠭᠦᠯᠬᠦ᠂ ᠦᠨᠦᠷ ᠦᠭᠡᠢ᠂ ᠬᠦᠮᠦᠨᠴᠢᠯᠡᠭᠰᠡᠨ᠂ ᠤᠬᠠᠭᠠᠯᠢᠭ ᠬᠢᠭᠡᠳ ᠡᠷᠴᠢᠮ ᠬᠦᠴᠦ ᠬᠡᠮᠨᠡᠬᠦ ᠵᠡᠷᠭᠡ ᠤᠨᠴᠠᠯᠢᠭ ᠲᠠᠢ᠃ ᠨᠡᠶᠢᠲᠡ ᠶᠢᠨ ᠵᠤᠷᠯᠤᠩ ᠳᠤ ᠤᠷᠤᠭᠠᠳ ᠤᠴᠢᠬᠤ ᠳᠤ ᠱᠠᠯᠠ ᠨᠢ ᠴᠡᠪᠡᠷᠭᠡᠨ᠂ ᠡᠯᠳᠡᠪ ᠦᠨᠦᠷ ᠦᠭᠡᠢ ᠪᠦᠭᠡᠳ ᠰᠤᠨᠤᠷ ᠢ ᠪᠠᠶᠠᠰᠬᠠᠮ᠎ᠠ ᠠᠶᠠᠰ ᠲᠠᠯᠪᠢᠵᠤ ᠪᠠᠶᠢᠳᠠᠭ᠃ ᠵᠤᠷᠯᠤᠩ ᠤᠨ ᠲᠦᠭᠡᠭᠡᠯ ᠤᠰᠤᠨ ᠤ ᠭᠤᠭᠤᠵᠢᠭᠤᠷ ᠨᠢ ᠮᠡᠳᠡᠷᠡᠮᠵᠢᠲᠤ ᠮᠡᠶ᠊ᠢᠭ ᠤᠨ ᠬᠢ ᠪᠠᠶᠢᠵᠤ᠂ ᠪᠦᠯᠢᠶᠡᠨ ᠤᠰᠤ᠂ ᠪᠠᠴᠢᠮ ᠳᠠᠭᠤᠳᠠᠯᠭ᠎ᠠ ᠶᠢᠨ ᠳᠠᠷᠤᠪᠴᠢ᠂ ᠲᠦᠰᠢᠭᠦᠷ᠂ wifi ᠵᠡᠷᠭᠡ ᠦᠢᠯᠡᠴᠢᠯᠡᠭᠡ ᠪᠦᠷᠢᠨ ᠲᠦᠬᠦᠷ ᠪᠠᠶᠢᠳᠠᠭ ᠡᠴᠡ ᠪᠡᠶ᠎ᠠ ᠵᠠᠰᠠᠬᠤ ᠳᠤ ᠨᠡᠩ ᠳᠦᠭᠦᠮ ᠪᠤᠯᠵᠠᠢ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122031252