蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠳᠤ ᠲᠦᠷᠢᠶᠡᠰᠦᠨ ᠮᠠᠰᠢᠨ ᠳᠠᠭᠤᠳᠠᠬᠤ ᠳᠤ ᠤᠯᠠᠮ ᠳᠦᠬᠦᠮ ᠪᠤᠯᠤᠯ᠎ᠠ

2017-11-29 16:59

    ᠬᠦᠬᠡᠬᠤᠲᠠ ᠶᠢᠨ ᠲᠦᠷᠢᠶᠡᠰᠦᠨ ᠮᠠᠰᠢᠨ ᠤ ᠨᠡᠶᠢᠭᠡᠮᠯᠢᠭ᠌ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠵᠧᠨ ᠮᠠᠩ ᠤᠨ ᠲᠠᠨᠢᠯᠴᠠᠭᠤᠯᠤᠭᠰᠠᠨ ᠢᠶᠡᠷ᠂ ᠬᠤᠳᠠ ᠶᠢᠨ ᠢᠷᠭᠡᠳ ᠳᠦᠷᠢᠶᠡᠰᠤᠨ ᠮᠠᠰᠢᠨ ᠳᠤ ᠰᠠᠭᠤᠬᠤ ᠳᠤ ᠪᠡᠨ 《95128》 ᠪᠡᠷ ᠳᠠᠮᠵᠢᠨ APP ᠪᠡᠷ ᠪᠤᠯᠵᠤᠬᠤ᠂ ᠸᠢᠴᠠᠲ ᠢᠶᠡᠷ ᠪᠤᠯᠵᠤᠬᠤ᠂ 95128 ᠳ᠋ᠤᠭᠠᠷ ᠢᠶᠡᠷ ᠪᠤᠯᠵᠤᠵᠤ ᠪᠤᠯᠬᠤ ᠪᠤᠯᠵᠠᠢ᠃ ᠴᠠᠬᠢᠯᠭᠠᠨ ᠳᠠᠭᠤᠳᠠᠯᠭ᠎ᠠ ᠶᠢᠨ ᠲᠠᠪᠴᠠᠩ ᠤᠨ ᠦᠢᠯᠡᠴᠢᠯᠡᠭᠡᠨ ᠤ ᠲᠦᠪ ᠤᠨ ᠬᠢᠨ 24 ᠴᠠᠭ ᠢᠶᠡᠷ ᠲᠤᠰᠬᠠᠢ ᠵᠢᠵᠢᠭᠦᠷ ᠲᠤᠬᠢᠷᠠᠭᠤᠯᠵᠤ ᠪᠤᠯᠵᠤᠭ᠎ᠠ ᠬᠦᠯᠢᠶᠡᠬᠦ ᠪᠠ ᠳᠦᠷᠢᠶᠡᠰᠦᠨ ᠮᠠᠰᠢᠨ ᠲᠤᠮᠢᠯᠠᠬᠤ ᠠᠵᠢᠯ ᠬᠡᠷᠡᠭ ᠢ ᠬᠦᠢᠴᠡᠳᠬᠡᠬᠦᠯᠦᠨ᠎ᠡ᠃ ᠲᠠᠪᠴᠠᠩ ᠡᠴᠡ ᠲᠤᠮᠢᠯᠠᠭᠰᠠᠨ ᠮᠠᠰᠢᠨ ᠤ ᠳᠤᠭᠠᠴᠠᠭ᠎ᠠ ᠶᠢ ᠪᠡᠯᠡᠨ ᠮᠦᠩᠭᠦ᠂ ᠸᠢᠴᠠᠲ ᠪᠤᠶᠤ ᡁᠢ ᠹᠦ᠋ ᠪᠤᠤ ᠪᠡᠷ ᠬᠢᠵᠤ ᠪᠤᠯᠤᠨ᠎ᠠ᠂ ᠲᠦᠯᠦᠪᠦᠷᠢ ᠨᠢ ᠰᠢᠭᠤᠳ ᠵᠢᠯᠦᠭᠤᠴᠢ ᠶᠢᠨ ᠳᠠᠩᠰᠠᠨ ᠤ ᠳ᠋ᠤᠭᠠᠷ ᠲᠤ ᠤᠷᠤᠬᠤ ᠪᠦᠭᠡᠳ ᠪᠠᠯᠠᠨ ᠮᠦᠩᠭᠦ ᠪᠡᠷ ᠭᠠᠷᠭᠠᠨ ᠠᠪᠴᠤ ᠪᠤᠯᠬᠤ ᠶᠤᠮ ᠪᠠᠶᠢᠨ᠎ᠠ᠃

    《ᠨᠡᠶᠢᠭᠡᠮ ᠤᠨ ᠢᠨᠲ᠋ᠧᠷᠨᠧᠲ ᠢᠶᠡᠷ ᠪᠤᠯᠵᠤᠬᠤ ᠮᠠᠰᠢᠨ ᠲᠠᠢ ᠬᠠᠷᠢᠴᠠᠭᠤᠯᠪᠠᠯ᠂ ᠲᠦᠷᠢᠶᠡᠰᠦᠨ ᠮᠠᠰᠢᠨ ᠢ ᠢᠨᠲ᠋ᠧᠷᠨᠧᠲ ᠢᠶᠡᠷ ᠪᠤᠯᠵᠤᠬᠤ ᠴᠠᠬᠢᠯᠭᠠᠨ ᠳᠠᠭᠤᠳᠠᠯᠭ᠎ᠠ ᠨᠢ ᠳᠤᠪᠤᠶᠢᠮ᠎ᠠ ᠳᠠᠪᠠᠭᠤᠯᠢᠭ ᠲᠠᠢ᠂ ᠨᠢᠭᠡ ᠳᠤ ᠪᠦᠷᠢᠨ ᠪᠦᠲᠦᠨ ᠡᠵᠡᠩᠨᠡᠯᠲᠡ ᠶᠢᠨ ᠵᠦᠪᠰᠢᠶᠡᠷᠡᠯ ᠤᠨ ᠦᠨᠡᠮᠯᠡᠬᠦ ᠲᠠᠢ᠃ ᠬᠤᠶᠠᠷ ᠲᠤ ᠵᠢᠯᠦᠭᠤᠴᠢᠳ ᠴᠦᠮ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨᠠᠨ ᠰᠢᠯᠭᠠᠯᠲᠠ ᠪᠤᠯᠪᠠᠰᠤᠷᠠᠯ ᠢ ᠦᠩᠭᠡᠷᠡᠭᠡᠭᠡᠳ ᠦᠨᠡᠮᠯᠡᠬᠦ ᠲᠠᠢ ᠪᠡᠷ ᠠᠵᠢᠯ ᠤᠨ ᠪᠠᠶᠢᠷᠢᠨ ᠳᠤ ᠭᠠᠷᠤᠭᠰᠠᠨ ᠤᠴᠢᠷ ᠡᠴᠡ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠰᠠᠶᠢᠨ ᠪᠠᠶᠢᠳᠠᠭ᠃ ᠤᠳᠤᠬᠠᠨ ᠳᠤ᠂ ᠬᠦᠬᠡᠬᠤᠲᠠ ᠳᠤ ᠢᠨᠲ᠋ᠧᠷᠨᠧᠲ ᠢᠶᠡᠷ ᠳᠦᠷᠢᠶᠡᠰᠦᠨ ᠮᠠᠰᠢᠨ ᠪᠤᠯᠵᠤᠬᠤ ᠭᠡᠪᠡᠯ〈ᠪᠠᠩ ᠪᠠᠩ ᠰᠢᠩ 帮帮行〉APP ᠶ᠋ᠢ ᠭᠠᠷ ᠤᠲᠠᠰᠤᠨ ᠳᠤ ᠪᠡᠨ ᠪᠠᠭᠤᠯᠭᠠᠭᠰᠠᠭᠠᠷ ᠪᠤᠯᠴᠢᠬᠠᠨ᠎ᠠ》 ᠭᠡᠵᠤ ᠸᠠᠩ ᠵᠧᠨ ᠮᠠᠩ ᠶᠠᠷᠢᠯ᠎ᠠ᠃

ᠢᠷᠡᠯᠳᠡ᠄ ᠢᠨᠲ᠋ᠸᠷᠨ᠋ᠸᠲ ᠰᠤᠷᠠᠭ ᠵᠠᠩᠭᠢᠴᠢᠯᠲᠠ ᠶᠢᠨ ᠠᠯᠪᠠᠨ ᠭᠡᠷ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122031291