蒙古文网站Logo
ᠰᠢᠨᠬᠤᠸᠠ ᠮᠤᠩᠭ᠋ᠤᠯ ᠨᠧᠲ

ᠭᠠᠵᠠᠷ ᠰᠢᠷᠤᠢ ᠳᠤ 《 ᠪᠡᠶ᠎ᠡ ᠶᠢᠨ ᠦᠨᠡᠮᠯᠡᠬᠦ》 ᠤᠯᠭᠤᠨ᠎ᠠ

2017-11-30 17:00

    ᠰᠢᠨᠬᠤᠸᠠ ᠨᠧᠲ  ᠪᠡᠭᠡᠵᠢᠩ ᠤᠨ 11 ᠰᠠᠷ᠎ᠠ ᠶᠢᠨ 29 ᠤ ᠡᠳᠤᠷ ᠤᠨ ᠴᠠᠬᠢᠯᠭᠠᠨ ᠮᠡᠳᠡᠬᠡ ( ᠸᠠᠩ ᠶᠠ)  ᠬᠦᠳᠡᠬᠡ ᠠᠵᠤ ᠠᠬᠤᠢ ᠶᠢᠨ ᠶᠠᠮᠤᠨ 29 ᠤ ᠡᠳᠤᠷ ᠪᠡᠭᠡᠵᠢᠩ ᠳᠤ ᠬᠡᠪᠯᠡᠯ ᠮᠡᠳᠡᠭᠡᠯᠡᠯ ᠤᠨ ᠬᠤᠷᠠᠯ ᠬᠢᠵᠤ᠂ ᠬᠦᠳᠡᠬᠡ ᠲᠤᠰᠬᠤᠨ ᠤ ᠲᠠᠭᠠᠭᠠᠴᠢᠯᠠᠯᠳᠠ ᠶᠢᠨ ᠭᠠᠵᠠᠷ ᠰᠢᠷᠤᠢ ᠶᠢᠨ ᠡᠷᠬᠡ ᠶᠢ ᠪᠠᠳᠤᠯᠠᠬᠤ ᠦᠨᠡᠮᠯᠡᠬᠦ ᠲᠠᠷᠬᠠᠭᠠᠬᠤ ᠠᠵᠢᠯ ᠤᠨ ᠲᠤᠬᠠᠢ ᠲᠠᠨᠢᠯᠴᠠᠭᠤᠯᠤᠭᠰᠠᠨ ᠪᠠᠶᠢᠨ᠎ᠠ᠃ ᠰᠤᠷᠪᠤᠯᠵᠢᠯᠠᠭᠴᠢ ᠬᠤᠷᠠᠯ ᠡᠴᠡ ᠤᠶᠢᠯᠠᠭᠠᠭᠰᠠᠨ ᠢᠶᠡᠷ᠂ ᠤᠳᠤᠬᠠᠨ ᠳᠤ ᠤᠯᠤᠰ ᠲᠠᠶᠠᠭᠠᠷ ᠤᠨ ᠡᠯ᠎ᠡ ᠮᠤᠵᠢ ᠡᠴᠡ 28 ᠮᠤᠵᠢ ᠪᠦᠬᠦ ᠮᠤᠵᠢ ᠪᠡᠷ ᠶᠢᠡᠨ ᠡᠨᠡᠬᠦ ᠠᠵᠢᠯ ᠢ ᠲᠡᠯᠭᠡᠷᠡᠭᠦᠯᠦᠨ ᠬᠢᠵᠤ᠂ ᠲᠤᠷᠰᠢᠯᠳᠠ ᠶᠢᠨ ᠴᠢᠭ ᠢ ᠤᠯᠤᠰ ᠲᠠᠶᠠᠭᠠᠷ ᠤᠨ 2718 ᠰᠢᠶᠠᠨ (ᠤᠷᠤᠨ᠂ ᠬᠤᠳᠠ)᠂ 3.3 ᠲᠦᠮᠡᠨ ᠰᠢᠶᠠᠩ (ᠪᠠᠯᠭᠠᠰᠤ)᠂ 53.9 ᠲᠦᠮᠡᠨ ᠵᠠᠰᠠᠭ ᠵᠠᠬᠢᠷᠭᠠᠨ ᠤ ᠲᠤᠰᠬᠤᠨ ᠳᠤ ᠬᠦᠷᠳᠡᠯ᠎ᠡ ᠦᠷᠭᠡᠳᠭᠡᠵᠤ᠂ ᠪᠤᠳᠠᠳᠠᠢ ᠬᠡᠮᠵᠢᠭᠰᠡᠨ ᠲᠠᠭᠠᠭᠠᠴᠢᠯᠠᠯᠳᠠ ᠶᠢᠨ ᠭᠠᠵᠠᠷ ᠤᠨ ᠲᠠᠯᠠᠪᠠᠢ ᠨᠢ 15.2 ᠳ᠋ᠦᠩᠰᠢᠭᠤᠷ ᠮᠦ᠂ ᠡᠷᠬᠡ ᠶᠢ ᠪᠠᠳᠤᠯᠠᠭᠰᠠᠨ ᠲᠠᠯᠠᠪᠠᠢ ᠨᠢ 11.1 ᠳ᠋ᠦᠩᠰᠢᠭᠤᠷ ᠮᠦ ᠳᠤ ᠬᠦᠷᠴᠦ᠂ ᠬᠤᠶᠠᠳᠤᠭᠠᠷ ᠬᠤᠶᠠᠳᠤᠭᠠᠷ ᠬᠤᠭᠤᠴᠠᠭᠠᠨ ᠤ ᠬᠡᠷ ᠪᠦᠯᠢ ᠶᠢᠨ ᠲᠠᠭᠠᠭᠠᠴᠢᠯᠠᠬᠰᠠᠨ ᠲᠠᠩᠰᠠ ᠲᠡᠢ ᠲᠠᠷᠢᠶᠠᠯᠠᠬᠤ ᠲᠠᠯᠠᠪᠠᠢ ᠶᠢᠨ 82% ᠢ᠋ ᠡᠵᠡᠯᠡᠪᠡ᠃

    ᠬᠦᠳᠡᠬᠡ ᠲᠤᠰᠬᠤᠨ ᠤ ᠲᠠᠭᠠᠭᠠᠴᠢᠯᠠᠯᠳᠠ ᠶᠢᠨ ᠭᠠᠵᠠᠷ ᠰᠢᠷᠤᠢ ᠶᠢᠨ ᠡᠷᠬᠡ ᠶᠢ ᠪᠠᠳᠤᠯᠠᠬᠤ ᠦᠨᠡᠮᠯᠡᠬᠦ ᠲᠠᠷᠬᠠᠭᠠᠬᠤ ᠠᠵᠢᠯ ᠪᠤᠯ ᠬᠦᠳᠡᠬᠡ ᠲᠤᠰᠬᠤᠨ ᠤ ᠦᠨᠳᠦᠰᠦᠨ ᠡᠵᠡᠩᠨᠡᠯᠳᠡ ᠶᠢᠨ ᠲᠦᠷᠢᠮ ᠢ ᠲᠡᠬᠦᠯᠳᠡᠷᠵᠢᠬᠦᠯᠵᠤ᠂ ᠲᠠᠷᠢᠶᠠᠴᠢᠳ ᠤᠨ ᠭᠠᠵᠠᠷ ᠰᠢᠷᠤᠢ ᠶᠢᠨ ᠡᠷᠬᠡ ᠠᠰᠢᠭ᠂ ᠤᠳᠤᠬᠢᠴᠢᠯᠠᠭᠰᠠᠨ ᠲᠠᠷᠢᠶᠠᠯᠠᠩ ᠤᠨ ᠬᠦᠭ᠍ᠵᠢᠯᠳᠡ ᠶᠢ ᠠᠬᠢᠭᠤᠯᠬᠤ᠂ ᠬᠦᠳᠡᠬᠡ ᠲᠤᠰᠬᠤᠨ ᠤ ᠵᠠᠰᠠᠯᠳᠠ ᠶᠢᠨ ᠰᠢᠰᠲ᠋ᠧᠮ ᠢ ᠪᠦᠷᠢᠨᠰᠢᠬᠦᠯᠬᠦ ᠶᠢᠨ ᠴᠢᠬᠤᠯᠠ ᠰᠠᠭᠤᠷᠢ ᠠᠵᠢᠯ ᠪᠤᠯᠤᠨ᠎ᠠ᠂ ᠡᠨᠡ ᠨᠢ ᠬᠦᠳᠡᠬᠡ ᠲᠤᠰᠬᠤᠨ ᠤ ᠭᠠᠵᠠᠷ ᠰᠢᠷᠤᠢ ᠶᠢᠨ ᠲᠦᠷᠢᠮ ᠤᠨ ᠦᠬᠡᠷᠡᠴᠢᠯᠡᠯᠳᠡ ᠶᠢᠨ ᠴᠢᠬᠤᠯᠠ ᠡᠬᠦᠷᠬᠡ ᠶᠢ ᠬᠦᠨᠵᠡᠬᠡᠶᠢᠷᠡᠬᠦᠯᠬᠦ᠂ ᠬᠦᠳᠡᠬᠡ ᠲᠤᠰᠬᠤᠨ ᠤ ᠤᠷᠳᠤ ᠬᠤᠭᠤᠴᠠᠭᠠᠨ ᠤ ᠬᠦᠭ᠍ᠵᠢᠯᠳᠡ ᠪᠤᠯᠤᠨ ᠦᠷᠭᠡᠨ ᠤᠯᠠᠨ ᠲᠠᠷᠢᠶᠠᠴᠢᠨ ᠤ ᠠᠰᠢᠭ ᠲᠤᠰᠠ ᠲᠠᠢ ᠬᠤᠯᠪᠤᠭᠳᠠᠵᠤ ᠪᠤᠢ᠃ ᠲᠡᠭᠡᠪᠡᠯ ᠲᠠᠷᠢᠶᠠᠴᠢᠳ ᠬᠡᠳᠤᠢ ᠮᠦ ᠭᠠᠵᠠᠷ ᠰᠢᠷᠤᠢ ᠲᠠᠭᠠᠭᠠᠴᠢᠯᠠᠵᠤ ᠪᠤᠯᠬᠤ ᠪᠤᠢ? ᠬᠡᠳᠤᠢ ᠮᠦ ᠶᠢ ᠨᠢ ᠲᠠᠷᠢᠵᠤ ᠪᠤᠯᠬᠤ ᠪᠤᠢ? ᠲᠠᠷᠢᠵᠤ ᠪᠤᠯᠬᠤ ᠦᠭᠡᠢ ᠭᠠᠵᠠᠷ ᠰᠢᠷᠤᠢ ᠶᠢ ᠰᠢᠯᠵᠢᠬᠦᠯᠦᠨ ᠡᠵᠡᠩᠨᠡᠵᠤ ᠪᠤᠯᠬᠤ ᠤᠤ? ᠰᠢᠯᠵᠢᠬᠦᠯᠦᠨ ᠡᠵᠡᠩᠨᠡᠭᠰᠡᠨ ᠭᠠᠵᠠᠷ ᠰᠢᠷᠤᠢ ᠶᠢ ᠨᠢ ᠲᠠᠬᠢᠨ ᠪᠤᠴᠠᠭᠠᠬᠤ ᠤᠤ ? ᠲᠠᠷᠢᠶᠠᠴᠢᠳ ᠤᠨ ᠠᠩᠬᠠᠷᠴᠤ ᠪᠤᠢ ᠡᠳᠡᠭᠡᠷ ᠠᠰᠠᠭᠤᠳᠠᠯ ᠳᠤ ᠬᠦᠳᠡᠬᠡ ᠲᠤᠰᠬᠤᠨ ᠤ ᠲᠠᠭᠠᠭᠠᠴᠢᠯᠠᠯᠳᠠ ᠶᠢᠨ ᠭᠠᠵᠠᠷ ᠰᠢᠷᠤᠢ ᠶᠢᠨ ᠡᠷᠬᠡ ᠶᠢ ᠪᠠᠳᠤᠯᠠᠬᠤ ᠦᠨᠡᠮᠯᠡᠬᠦ ᠲᠠᠷᠬᠠᠭᠠᠬᠤ ᠠᠵᠢᠯ ᠬᠠᠷᠢᠭᠤᠯᠳᠠ ᠦᠭ᠍ᠪᠡ᠃

    ᠬᠦᠳᠡᠬᠡ ᠠᠵᠤ ᠠᠬᠤᠢ ᠶᠢᠨ ᠶᠠᠮᠤᠨ ᠤ ᠬᠦᠳᠡᠬᠡ ᠲᠤᠰᠬᠤᠨ ᠤ ᠡᠳ᠋ ᠤᠨ ᠵᠠᠰᠠᠭ ᠤᠨ ᠪᠠᠶᠢᠭᠤᠯᠤᠮᠵᠢ ᠪᠤᠯᠤᠨ ᠡᠵᠡᠩᠨᠡᠯᠳᠡ ᠬᠠᠮᠢᠶᠠᠷᠤᠯᠳᠠ ᠶᠢᠨ ᠲᠠᠷᠤᠭ᠎ᠠ ᠵᠠᠩ ᠬᠤᠩ ᠢᠦᠢ ᠬᠡᠪᠯᠡᠯ ᠮᠡᠳᠡᠬᠡᠯᠡᠯ ᠤᠨ ᠬᠤᠷᠠᠯ ᠳᠤ ᠲᠠᠭᠠᠭᠠᠴᠢᠯᠠᠯᠳᠠ ᠶᠢᠨ ᠭᠠᠵᠠᠷ ᠰᠢᠷᠤᠢ ᠶᠢᠨ ᠡᠷᠬᠡ ᠶᠢ ᠪᠠᠳᠤᠯᠠᠬᠤ ᠦᠨᠡᠮᠯᠡᠬᠦ ᠲᠠᠷᠬᠠᠭᠠᠬᠤ ᠠᠵᠢᠯ ᠨᠢ ᠲᠠᠷᠢᠶᠠᠴᠢᠳ ᠲᠤ ᠲᠠᠪᠤᠨ ᠲᠠᠯ᠎ᠠ ᠡᠴᠡ ᠠᠰᠢᠭ ᠬᠦᠷᠳᠡᠭᠡᠬᠦ ᠪᠤᠯᠤᠨ᠎ᠠ ᠭᠡᠵᠦ ᠶᠠᠷᠢᠪᠠ᠃

    ᠨᠢᠬᠡ ᠳᠤ᠂ ᠲᠠᠷᠢᠶᠠᠴᠢᠳ ᠲᠠᠷᠢᠶᠠᠨ ᠭᠠᠵᠠᠷ ᠤᠨ ᠢᠶᠡᠨ ᠪᠠᠶᠢᠳᠠᠯ ᠢ ᠲᠤᠳᠤᠷᠬᠠᠢ ᠤᠶᠢᠯᠠᠭᠠᠬᠤ ᠪᠤᠯᠤᠨ᠎ᠠ᠃

    ᠬᠤᠶᠠᠷ ᠲᠤ᠂ ᠭᠠᠵᠠᠷ ᠰᠢᠷᠤᠢ ᠶᠢᠨ ᠡᠷᠬᠡ ᠴᠢᠳᠠᠮᠵᠢ ᠶᠢ ᠲᠤᠳᠤᠷᠬᠠᠶᠢᠯᠠᠪᠠ᠃

    ᠭᠤᠷᠪᠠ ᠳᠤ᠂ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠮᠠᠷᠭᠤᠯᠳᠤᠭᠠᠨ ᠢ ᠰᠢᠶ᠋ᠳᠪᠦᠷᠢᠯᠡᠵᠡᠢ᠃

    ᠲᠦᠷᠪᠡ ᠳᠤ᠂ ᠭᠠᠵᠠᠷ ᠰᠢᠷᠤᠢ ᠪᠠᠨ ᠰᠢᠯᠵᠢᠬᠦᠯᠦᠨ ᠡᠵᠡᠩᠨᠡᠬᠦ ᠳᠤ ᠰᠠᠨᠠᠭ᠎ᠠ ᠠᠮᠤᠷ ᠪᠤᠯᠵᠠᠢ᠃

    ᠲᠠᠪᠤ ᠳᠤ᠂ ᠡᠵᠡᠩᠨᠡᠯᠳᠡ ᠶᠢᠨ ᠡᠷᠬᠡ ᠪᠡᠷ ᠢᠶᠡᠨ ᠪᠠᠷᠢᠴᠠᠭᠠᠯᠠᠵᠤ ᠬᠦᠷᠦᠩᠬᠡ ᠬᠤᠷᠠᠮᠳᠤᠭᠤᠯᠵᠤ ᠪᠤᠯᠤᠨ᠎ᠠ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122037758