蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠬᠠᠷᠠᠭᠠᠨ ᠤ ᠪᠡᠷᠬᠡᠰᠢᠶᠡᠯ ᠲᠠᠢ ᠰᠤᠶᠤᠯ ᠤᠨ ᠦᠢᠯᠡᠴᠢᠯᠡᠭᠡᠨ ᠤ ᠬᠤᠯᠪᠤᠭ᠎ᠠ ᠠᠯᠪᠠᠨ ᠶᠤᠰᠤᠭᠠᠷ ᠪᠠᠶᠢᠭᠤᠯᠤᠭᠳᠠᠪᠠ

2017-12-01 11:40

    11 ᠰᠠᠷ᠎ᠠ ᠶᠢᠨ 27 ᠤ ᠡᠳᠦᠷ᠂《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠤᠮ ᠤᠨ ᠰᠠᠩ ᠤᠨ ᠨᠡᠶᠢᠭᠡᠮᠯᠢᠭ᠌ ᠤᠨ ᠤᠨ ᠤ ᠬᠤᠷᠠᠯ》ᠬᠦᠯᠦᠨ ᠪᠤᠶᠢᠷ ᠬᠤᠲᠠ ᠳᠤ ᠬᠤᠷᠠᠯᠳᠤᠪᠠ᠃ ᠲᠤᠰ ᠤᠳᠠᠭᠠᠨ ᠤ ᠤᠨ ᠤ ᠬᠤᠷᠠᠯ ᠨᠢ《ᠰᠢᠨ᠎ᠠ ᠴᠠᠭ ᠦᠶ᠎ᠠ ᠶᠢᠨ ᠨᠤᠮ ᠤᠨ ᠰᠠᠩ ᠤᠨ ᠦᠢᠯᠡᠰ ᠤᠨ ᠬᠦᠭ᠍ᠵᠢᠯᠲᠠ》 ᠪᠡᠷ ᠭᠤᠤᠯ ᠰᠡᠳᠦᠪ ᠢᠶᠡᠨ ᠪᠤᠯᠭᠠᠵᠠᠢ᠃ ᠤᠷᠤᠨ ᠳᠠᠶᠠᠭᠠᠷ ᠤᠨ ᠡᠯ᠎ᠠ ᠱᠠᠳᠤᠨ ᠤ ᠨᠡᠶᠢᠲᠡ ᠶᠢᠨ ᠨᠤᠮ ᠤᠨ ᠰᠠᠩ ᠵᠢᠴᠢ ᠶᠡᠬᠡ ᠲᠡᠭᠡᠲᠤ ᠰᠤᠷᠭᠠᠭᠤᠯᠢ ᠶᠢᠨ ᠨᠤᠮ ᠤᠨ ᠰᠠᠩ ᠤᠨ ᠲᠦᠯᠦᠭᠡᠯᠡᠭᠴᠢ ᠵᠡᠷᠭᠡ 300 ᠭᠠᠷᠤᠢ ᠬᠦᠮᠦᠨ ᠬᠤᠷᠠᠯ ᠳᠤ ᠤᠷᠤᠯᠴᠠᠪᠠ᠃

    ᠲᠤᠰ ᠤᠳᠠᠭᠠᠨ ᠤ ᠤᠨ ᠤ ᠬᠤᠷᠠᠯ ᠳᠤ ᠬᠤᠶᠠᠷ ᠵᠢᠯ ᠤᠨ ᠲᠤᠷᠰᠢᠬᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠤᠮ ᠤᠨ ᠰᠠᠩ ᠤᠨ ᠰᠢᠨ᠎ᠠ ᠬᠦᠭ᠍ᠵᠢᠯᠲᠠ᠂ ᠰᠢᠨ᠎ᠠ ᠠᠮᠵᠢᠯᠲᠠ ᠪᠦᠲᠦᠮᠵᠢ᠂ ᠰᠢᠨ᠎ᠠ ᠲᠤᠷᠰᠢᠯᠭ᠎ᠠ ᠰᠤᠷᠭᠠᠮᠵᠢ ᠵᠢᠴᠢ ᠡᠷᠳᠡᠮ ᠰᠢᠨᠵᠢᠯᠡᠭᠡᠨ ᠤ ᠰᠤᠳᠤᠯᠭᠠᠨ ᠤ ᠰᠢᠨ᠎ᠠ ᠦᠷ᠎ᠠ ᠪᠦᠲᠦᠮᠵᠢ ᠶᠢ ᠳ᠋ᠦᠩᠨᠡᠵᠤ᠂ ᠰᠢᠨ᠎ᠠ ᠴᠠᠭ ᠦᠶ᠎ᠠ ᠶᠢᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠤᠮ ᠤᠨ ᠰᠠᠩ ᠤᠨ ᠦᠢᠯᠡᠰ ᠤᠨ ᠰᠢᠨ᠎ᠠ ᠲᠦᠰᠦᠯ᠂ ᠰᠢᠨ᠎ᠠ ᠬᠠᠷᠠᠯᠲᠠ᠂ ᠰᠢᠨ᠎ᠠ ᠡᠭᠦᠷᠭᠡ᠂ ᠰᠢᠨ᠎ᠠ ᠱᠠᠭᠠᠷᠳᠠᠯᠭ᠎ᠠ᠂ ᠰᠢᠨ᠎ᠠ ᠳᠠᠭᠠᠭᠠᠯᠭᠠᠪᠤᠷᠢ ᠶᠢ ᠲᠤᠭᠳᠠᠪᠠ᠃ 《ᠦᠪᠦᠷ ᠮᠣᠩᠭᠣᠯ ᠤᠨ ᠬᠠᠷᠠᠭᠠᠨ ᠤ ᠪᠡᠷᠬᠡᠰᠢᠶᠡᠯ ᠲᠠᠢ ᠰᠤᠶᠤᠯ ᠤᠨ ᠦᠢᠯᠡᠴᠢᠯᠡᠭᠡᠨ ᠤ ᠬᠤᠯᠪᠤᠭ᠎ᠠ》 ᠶ᠋ᠢ ᠪᠠᠶᠢᠭᠤᠯᠬᠤ ᠶᠢᠨ ᠬᠠᠮᠲᠤ ᠬᠤᠯᠪᠤᠭᠠᠨ ᠤ ᠳᠦᠷᠢᠮ ᠲᠤᠭᠲᠠᠭᠠᠯ ᠢ ᠪᠠᠳᠤᠯᠠᠵᠤ᠂ ᠬᠤᠯᠪᠤᠭᠠᠨ ᠤ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠡᠵᠡᠩᠨᠡᠯᠲᠡ ᠶᠢᠨ ᠲᠤᠭᠲᠠᠯᠴᠠᠭ᠎ᠠ ᠵᠢᠴᠢ ᠡᠯ᠎ᠠ ᠬᠡᠰᠢᠭᠦᠨ ᠤᠷᠳᠤᠨ ᠤ ᠡᠷᠬᠡ ᠡᠭᠦᠷᠭᠡ ᠶᠢ ᠲᠤᠳᠤᠯᠠᠪᠠ᠃ ᠤᠷᠤᠨ ᠳᠠᠶᠠᠭᠠᠷ ᠤᠨ ᠨᠡᠶᠢᠲᠡ ᠶᠢᠨ ᠨᠤᠮ ᠤᠨ ᠰᠠᠩ ᠤᠨ ᠬᠦᠭ᠍ᠵᠢᠯ ᠤᠨ ᠪᠡᠷᠭᠡᠰᠢᠶᠡᠯ ᠲᠠᠢ ᠤᠩᠰᠢᠭᠴᠢᠳ ᠲᠤ ᠦᠢᠯᠡᠴᠢᠯᠡᠬᠦ ᠠᠵᠢᠯ ᠳᠤ ᠪᠠᠷᠢᠮᠵᠢᠶᠠᠲᠤ ᠬᠡᠪ ᠵᠢᠷᠤᠮ ᠬᠢᠭᠡᠳ ᠦᠢᠯᠡᠴᠢᠯᠡᠭᠡᠨ ᠤ ᠵᠦᠭᠯᠡᠭᠦᠷ ᠢ ᠲᠤᠭᠲᠠᠭᠠᠵᠠᠢ᠃ ᠬᠤᠷᠠᠯ ᠤᠨ ᠬᠤᠭᠤᠴᠠᠭᠠᠨ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠨᠤᠮ ᠤᠨ ᠰᠠᠩ ᠡᠴᠡ ᠡᠯ᠎ᠠ ᠱᠠᠳᠤᠨ ᠤ ᠨᠡᠶᠢᠲᠡ ᠶᠢᠨ ᠨᠤᠮ ᠤᠨ ᠰᠠᠩ ᠲᠠᠢ《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠠᠷᠠᠭᠠᠨ ᠤ ᠪᠡᠷᠬᠡᠰᠢᠶᠡᠯ ᠲᠠᠢ ᠰᠤᠶᠤᠯ ᠤᠨ ᠦᠢᠯᠡᠴᠢᠯᠡᠭᠡᠨ ᠤ ᠬᠤᠯᠪᠤᠭ᠎ᠠ ᠶᠢᠨ ᠬᠡᠯᠡᠯᠴᠡᠭᠡᠷ》 ᠲᠤᠭᠲᠠᠵᠤ ᠬᠠᠷᠠᠭᠠᠨ ᠤ ᠪᠡᠷᠭᠡᠰᠢᠶᠡᠯᠲᠤ ᠰᠤᠶᠤᠯ ᠤᠨ ᠦᠢᠯᠡᠴᠢᠯᠡᠭᠡ ᠤᠷᠤᠨ ᠳᠠᠶᠠᠭᠠᠷ ᠲᠤ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠪᠡᠷ ᠪᠤᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122042472