蒙古文网站Logo
ᠰᠢᠨᠬᠤᠸᠠ ᠮᠤᠩᠭ᠋ᠤᠯ ᠨᠧᠲ

ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ ᠶᠢᠨ ᠰᠢᠨ᠎ᠡ ᠶᠢ ᠡᠬᠦᠳᠴᠤ ᠬᠦᠨᠳᠤ ᠬᠦᠴᠢᠷᠳᠡᠯᠲᠡᠢ ᠭᠠᠵᠠᠷ ᠤᠷᠤᠨ ᠢ ᠶᠠᠳᠠᠭᠤ ᠡᠴᠡ ᠠᠩᠬᠢᠵᠢᠷᠠᠭᠤᠯᠬᠤ ᠶᠢ ᠲᠡᠮᠵᠢᠨ᠎ᠡ

2017-12-07 13:47

    ᠰᠢᠨᠬᠤᠸᠠ ᠨᠧᠲ   ᠪᠡᠭᠡᠵᠢᠩ ᠤᠨ 12 ᠰᠠᠷ᠎ᠠ ᠶᠢᠨ 6 ᠤ ᠡᠳᠤᠷ ᠤᠨ ᠴᠠᠬᠢᠯᠭᠠᠨ ᠮᠡᠳᠡᠬᠡ  《ᠬᠦᠨᠳᠤ ᠬᠦᠴᠢᠷᠳᠡᠯᠲᠡᠢ ᠭᠠᠵᠠᠷ ᠤᠷᠤᠨ  ᠢ ᠶᠠᠳᠠᠭᠤ ᠡᠴᠡ ᠠᠩᠬᠢᠵᠢᠷᠠᠭᠤᠯᠬᠤ ᠰᠢᠪᠳᠤᠯᠤᠯᠲᠠ ᠶᠢ ᠲᠡᠮᠵᠢᠬᠦ ᠲᠤᠬᠠᠢ ᠰᠠᠨᠠᠯ》( ᠲᠤᠤᠷ᠎ᠠ 《ᠰᠠᠨᠠᠯ》 ᠬᠡᠵᠤ ᠲᠦᠬᠦᠮᠴᠢᠯᠡᠶ᠎ᠡ) ᠤ᠋ᠨ ᠬᠡᠪᠯᠡᠯ ᠮᠡᠳᠡᠬᠡᠯᠡᠯ ᠤᠨ ᠬᠤᠷᠠᠯ 6 ᠤ ᠡᠳᠤᠷ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ ᠳᠤ ᠬᠢᠪᠡ᠃ ᠬᠤᠷᠠᠯ ᠳᠤ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ ᠤ ᠬᠠᠮᠢᠶᠠᠳᠠᠢ ᠬᠠᠷᠢᠭᠤᠴᠠᠯᠭᠠᠳᠠᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ ᠶᠢᠨ ᠰᠢᠨ᠎ᠡ ᠶᠢ ᠡᠬᠦᠳᠬᠦ ᠪᠤᠯᠤᠨ ᠶᠠᠳᠠᠭᠤ ᠶᠢ ᠲᠡᠳᠭᠦᠬᠦ ᠬᠦᠴᠦᠯᠡᠴᠡ ᠪᠠᠨ ᠴᠢᠩᠭ᠋ᠠᠳᠬᠠᠬᠤ ᠲᠠᠯ᠎ᠠ ᠪᠡᠷ ᠮᠡᠳᠡᠭᠳᠡᠭᠰᠡᠨ ᠤ ᠬᠠᠮᠳᠤ ᠰᠡᠳᠬᠦᠯᠴᠢᠳ ᠤᠨ ᠠᠰᠠᠭᠤᠯᠳᠠ ᠶᠢ ᠬᠠᠷᠢᠭᠤᠯᠪᠠ᠃ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠳᠠ ᠶᠢᠨ ᠰᠢᠨ᠎ᠡ ᠶᠢ ᠡᠬᠦᠳᠬᠦ ᠲᠦᠷᠦ ᠶᠢᠨ ᠪᠤᠳᠤᠯᠭ᠎ᠠ ᠶᠢᠨ ᠲᠠᠯ᠎ᠠ ᠪᠡᠷ《ᠰᠠᠨᠠᠯ》 ᠳ᠋ᠤ ᠲᠤᠤᠷᠠᠬᠢ ᠮᠡᠳᠤ ᠠᠷᠭ᠎ᠠ ᠬᠡᠮᠵᠢᠶ᠎᠎ᠡ ᠶᠢ ᠲᠤᠷᠠᠳᠴᠠᠢ᠃

    ᠨᠢᠬᠡ᠂ ᠭᠠᠵᠠᠷ ᠰᠢᠷᠤᠢ ᠶᠢᠨ ᠠᠰᠢᠭᠯᠠᠯᠳᠠ ᠶᠢᠨ ᠲᠦᠯᠦᠪᠯᠡᠬᠡ ᠶᠢᠨ ᠬᠠᠮᠢᠶᠠᠷᠤᠯᠳᠠ ᠶᠢ ᠲᠡᠬᠦᠯᠳᠡᠷᠵᠢᠬᠦᠯᠤᠨ᠎ᠠ᠃

    ᠬᠤᠶᠠᠷ᠂ ᠬᠤᠳᠠ ᠬᠦᠳᠡᠬᠡ ᠶᠢᠨ ᠪᠠᠶᠢᠭᠤᠯᠤᠯᠳᠠ ᠳᠤ ᠠᠰᠢᠭᠯᠠᠬᠤ ᠭᠠᠵᠠᠷ ᠰᠢᠷᠤᠢ ᠶᠢᠨ ᠨᠡᠮᠡᠭᠳᠡᠯ ᠬᠤᠷᠤᠭᠳᠠᠯ ᠢ ᠬᠤᠯᠪᠤᠬᠤ ᠲᠦᠷᠦ ᠶᠢᠨ ᠪᠤᠳᠤᠯᠭ᠎ᠠ ᠶᠢ ᠦᠷᠭᠡᠳᠭᠡᠨ᠎ᠡ᠃

    ᠭᠤᠷᠪᠡ᠂ ᠭᠠᠵᠠᠷ ᠰᠢᠷᠤᠢ ᠶᠢ ᠠᠰᠢᠭᠯᠠᠬᠤ ᠲᠦᠷᠦ ᠶᠢᠨ ᠪᠤᠳᠤᠯᠭ᠎ᠠ ᠶᠢᠨ ᠰᠢᠨ᠎ᠡ ᠶᠢ ᠡᠬᠦᠳᠦᠨ᠎ᠡ᠃

    ᠲᠦᠷᠪᠡ᠂ ᠲᠠᠷᠢᠶᠠᠨ ᠭᠠᠵᠠᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠡᠬᠦᠯᠳᠡᠷᠵᠢᠬᠦᠯᠦᠨ᠎ᠡ᠃

    ᠲᠠᠪᠤ᠂ ᠭᠠᠵᠠᠷ ᠰᠢᠷᠤᠢ ᠶᠢ ᠠᠰᠢᠭᠯᠠᠬᠤ ᠵᠦᠪᠰᠢᠶᠡᠷᠡᠯ ᠤᠨ ᠤᠨᠴᠠᠭᠠᠢ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠎ᠡ᠃

    ᠵᠢᠷᠭᠤᠭ᠎ᠠ᠂ ᠭᠧᠤᠯᠤᠬᠢ ᠶᠢᠨ ᠴᠡᠴᠡᠷᠯᠢᠭ᠌᠌ ᠡᠷᠡᠮᠡᠯᠵᠡᠯᠡᠬᠦ ᠶᠢ ᠲᠡᠮᠵᠢᠨ᠎ᠡ᠃

    ᠡᠬᠦᠨ ᠡᠴᠡ ᠭᠠᠳᠠᠨ᠎ᠠ ᠰᠠᠨᠠᠯ ᠳᠤ ᠪᠠᠰᠠ᠂ ᠰᠠᠭᠤᠷᠢ ᠮᠡᠳᠡᠬᠡ ᠵᠠᠩᠬᠢ ᠶᠢᠨ ᠦᠢᠯᠡᠴᠢᠯᠡᠬᠡ ᠶᠢ ᠴᠢᠩᠭ᠋ᠠᠳᠬᠠᠵᠤ᠂ ᠬᠦᠨᠳᠤ ᠬᠦᠴᠢᠷᠳᠡᠯᠲᠡᠢ ᠭᠠᠵᠠᠷ ᠤᠷᠤᠨ ᠳᠤ ᠲᠤᠰᠠᠯᠠᠵᠤ ᠭᠠᠵᠠᠷ ᠰᠢᠷᠤᠢ ᠶᠢᠨ ᠡᠬᠢ ᠪᠠᠶᠠᠯᠢᠭ ᠤᠨ ᠰᠤᠷᠠᠭ ᠵᠠᠩᠬᠢᠵᠢᠯᠳᠡ ᠶᠢ ᠪᠠᠶᠢᠭᠤᠯᠤᠨ᠂ ᠭᠠᠵᠠᠷ ᠰᠢᠷᠤᠢ ᠶᠢᠨ ᠬᠢᠨᠠᠨ ᠪᠠᠶᠢᠴᠠᠭᠠᠯᠳᠠ᠂ ᠲᠦᠯᠦᠪᠯᠡᠬᠡ ᠲᠤᠭ᠎ᠠ ᠨᠤᠷᠮ᠎ᠠ᠂ ᠦᠯᠦ ᠬᠦᠳᠡᠯᠬᠦ ᠬᠦᠷᠦᠩᠬᠡ ᠶᠢ ᠲᠠᠩᠰᠠᠯᠠᠬᠤ ᠵᠡᠷᠬᠡ ᠲᠠᠯ᠎ᠠ ᠪᠡᠷ ᠬᠦᠷᠦᠩᠬᠡ ᠮᠦᠩᠬᠦ᠂ ᠮᠡᠷᠬᠡᠵᠢᠯ᠂ ᠴᠢᠳᠠᠪᠤᠷᠢᠳᠠᠨ ᠤ ᠲᠡᠮᠵᠢᠯᠬᠡ ᠬᠠᠩᠭ᠋ᠠᠨ᠎ᠠ᠃ ᠭᠠᠵᠠᠷ ᠰᠢᠷᠤᠢ ᠶᠢ ᠵᠠᠰᠠᠬᠤ ᠲᠦᠰᠦᠯ ᠪᠤᠯᠤᠨ ᠬᠦᠷᠦᠩᠬᠡ ᠮᠦᠩᠬᠦ ᠶᠢ ᠬᠦᠨᠳᠤ ᠬᠦᠴᠢᠷᠳᠡᠯᠲᠡᠢ ᠭᠠᠵᠠᠷ ᠤᠷᠤᠨ ᠳᠤ ᠤᠷᠢᠳᠠᠪᠡᠷ ᠲᠤᠬᠢᠷᠠᠭᠤᠯᠤᠨ᠎ᠠ᠃ ᠠᠭᠤᠷᠬᠠᠢ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠲᠠᠯ᠎ᠠ ᠪᠡᠷ᠂ ᠬᠦᠨᠳᠤ ᠬᠦᠴᠢᠷᠳᠡᠯᠲᠡᠢ ᠭᠠᠵᠠᠷ ᠤᠷᠤᠨ ᠤ ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ᠤᠨ ᠭᠠᠳᠠᠨ᠎ᠠ ᠵᠠᠬ᠎ᠠ ᠵᠡᠭᠡᠯᠢ ᠲᠠᠢ ᠪᠦᠭᠡᠳ ᠨᠦᠬᠡᠴᠡ ᠪᠠᠶᠠᠯᠢᠭ ᠤᠨ ᠳᠠᠯᠳᠠ ᠬᠦᠴᠦᠨ ᠲᠠᠢ ᠪᠦᠰᠡ ᠶᠢ ᠰᠤᠩᠭ᠋ᠤᠵᠤ ᠤᠷᠢᠳᠠᠪᠡᠷ ᠬᠠᠶᠢᠨ ᠰᠢᠨᠵᠢᠯᠡᠵᠤ ᠪᠤᠯᠤᠨ᠎ᠠ᠃ ᠠᠵᠢᠯᠳᠠᠨ ᠤ ᠪᠤᠯᠪᠠᠰᠤᠷᠠᠯ ᠪᠤᠯᠤᠨ ᠰᠤᠯᠢᠯᠴᠠᠭ᠎ᠠ ᠬᠠᠷᠢᠯᠴᠠᠭ᠎ᠠ ᠶᠢ ᠴᠢᠩᠭ᠋ᠠᠳᠬᠠᠨ᠂ ᠰᠢᠯᠢᠳᠡᠭ ᠺᠠᠳ᠋ᠷ ᠠᠵᠢᠯᠳᠠᠨ ᠢ ᠬᠦᠨᠳᠤ ᠬᠦᠴᠢᠷᠳᠡᠯᠲᠡᠢ ᠭᠠᠵᠠᠷ ᠤᠷᠤᠨ ᠳᠤ ᠲᠦᠷ ᠲᠤᠰᠢᠶᠠᠯ ᠡᠬᠦᠷᠭᠡᠯᠡᠭᠦᠯᠦᠨ ᠪᠤᠯᠪᠠᠰᠤᠷᠠᠭᠤᠯᠤᠨ᠎ᠠ᠃ ᠡᠬᠦᠨ ᠤ ᠬᠠᠮᠳᠤ᠂ ᠬᠢᠨᠠᠨ ᠬᠠᠮᠢᠶᠠᠷᠤᠯᠳᠠ ᠪᠠᠨ ᠴᠢᠩᠭ᠋ᠠᠳᠬᠠᠵᠤ᠂ ᠲᠦᠷᠦ ᠶᠢᠨ ᠪᠤᠳᠤᠯᠭ᠎ᠠ ᠶᠢᠨ ᠬᠡᠪᠴᠢᠶᠠᠨ ᠳᠤ ᠴᠢᠩᠭ᠋᠎ᠠ ᠬᠢᠵᠠᠭᠠᠷᠯᠠᠵᠤ᠂ ᠲᠠᠷᠢᠶᠠᠨ ᠭᠠᠵᠠᠷ ᠢ ᠬᠠᠮᠠᠭᠠᠯᠠᠬᠤ᠂ ᠡᠬᠢ ᠪᠠᠶᠠᠯᠢᠭ ᠢ ᠠᠷᠪᠢᠯᠠᠬᠤ ᠪᠤᠯᠤᠨ ᠠᠮᠢ ᠠᠬᠤᠢ ᠶᠢ ᠬᠠᠮᠠᠭᠠᠯᠠᠬᠤ ᠲᠦᠷᠢᠮ ᠲᠤᠭᠳᠠᠭᠠᠯ ᠢ ᠴᠢᠩᠭ᠋᠎ᠠ ᠲᠤᠤᠱᠯᠠᠭᠤᠯᠵᠤ᠂ ᠴᠢᠬᠡᠴᠢ ᠵᠠᠰᠠᠭ ᠤᠨ ᠠᠶᠤᠯ ᠡᠴᠡ ᠴᠢᠩᠭ᠋᠎ᠠ ᠰᠡᠷᠬᠡᠶᠢᠯᠡᠨ ᠶᠠᠳᠠᠭᠤ ᠡᠴᠡ ᠦᠨᠡᠨᠬᠦ ᠠᠩᠬᠢᠵᠢᠷᠠᠭᠤᠯᠵᠤ  ᠪᠤᠳᠠᠳᠠᠢ ᠪᠡᠷ ᠶᠠᠳᠠᠭᠤ ᠡᠴᠡ ᠠᠩᠬᠢᠵᠢᠷᠠᠭᠤᠯᠬᠤ ᠬᠡᠷᠡᠭᠲᠡᠢ ᠭᠡᠵᠤ ᠲᠤᠳᠤᠷᠬᠠᠶᠢᠯᠠᠵᠠᠢ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122073245