蒙古文网站Logo
ᠰᠢᠨᠬᠤᠸᠠ ᠮᠤᠩᠭ᠋ᠤᠯ ᠨᠧᠲ

1100 ᠲᠦᠮᠡᠨ ᠬᠥᠮᠥᠨ ᠳᠤ ᠠᠵᠢᠯ ᠣᠯᠭᠣᠬᠤ ᠬᠠᠷᠠᠯᠲᠠ ᠪᠠᠨ ᠬᠣᠶᠠᠷ ᠰᠠᠷ᠎ᠠ ᠤᠷᠢᠳᠴᠢᠯᠠᠨ ᠪᠡᠶᠡᠯᠡᠭᠦᠯᠵᠡᠢ

2017-12-07 16:43

    ᠬᠥᠮᠥᠨ ᠦ ᠨᠥᠭᠡᠴᠡ ᠪᠣᠯᠣᠨ ᠨᠡᠶᠢᠭᠡᠮ ᠦᠨ ᠪᠠᠲᠤᠯᠠᠭᠠᠨ ᠤ ᠶᠠᠮᠤᠨ ᠤ ᠵᠠᠷᠯᠠᠬᠰᠠᠨ ᠢᠶᠠᠷ᠂ ᠡᠨᠡ ᠵᠢᠯ ᠦ᠋ᠨ 1 ᠰᠠᠷ᠎ᠠ ᠡᠴᠡ 10 ᠰᠠᠷ᠎ᠠ ᠪᠣᠯᠲᠠᠯ᠎ᠠ᠂ ᠤᠯᠤᠰ ᠳᠠᠶᠠᠭᠠᠷ ᠤᠨ ᠬᠣᠲᠠ ᠪᠠᠯᠭᠠᠰᠤᠨ ᠤ ᠰᠢᠨ᠎ᠡ ᠪᠡᠷ ᠠᠵᠢᠯ ᠣᠯᠣᠭᠰᠠᠨ ᠬᠥᠮᠥᠨ 1191 ᠲᠦᠮᠡ ᠳᠤ ᠬᠦᠷᠪᠡ᠂ ᠡᠨᠡ ᠨᠢ ᠪᠦᠬᠦ ᠵᠢᠯ ᠳᠤ ᠨᠡᠶᠢᠲᠠ 1100 ᠲᠦᠮᠡᠨ ᠬᠥᠮᠥᠨ ᠳᠤ ᠠᠵᠢᠯ ᠣᠯᠭᠣᠬᠤ ᠬᠠᠷᠠᠯᠲᠠ ᠪᠠᠨ ᠤᠷᠢᠳᠴᠢᠯᠠᠨ ᠬᠣᠶᠠᠷ ᠰᠠᠷ᠎ᠠ ᠪᠡᠶᠡᠯᠡᠭᠦᠯᠤᠭ᠍ᠰᠡᠨ ᠢ ᠬᠠᠷᠠᠭᠤᠯᠵᠤ ᠪᠠᠶᠢᠨ᠎ᠠ᠃

    ᠵᠠᠳᠠᠯᠤᠨ ᠰᠢᠨᠵᠢᠯᠡᠭᠰᠡᠨ ᠢᠶᠡᠷ᠂ ᠠᠵᠢᠯ ᠣᠯᠭᠣᠬᠤ ᠬᠠᠷᠠᠯᠲᠠ ᠶ᠋ᠢ ᠤᠷᠢᠳᠴᠢᠯᠠᠨ ᠪᠡᠶᠡᠯᠡᠭᠦᠯᠦᠭᠰᠡᠨ ᠨᠢ ᠭᠣᠣᠯᠳᠠᠭᠤ ᠳᠤᠤᠷᠠᠬᠢ ᠳᠥᠷᠪᠡᠨ ᠲᠠᠯ᠎ᠠ ᠶ᠋ᠢᠨ ᠰᠢᠯᠲᠠᠭᠠᠨ ᠲᠠᠢ᠂ ᠲᠤᠬᠠᠶᠢᠯᠠᠪᠠᠯ ᠨᠢᠬᠡ ᠳᠤ᠂ ᠠᠵᠤ ᠠᠬᠤᠢ ᠲᠣᠭᠲᠠᠭᠤᠨ ᠢᠶᠠᠷ ᠨᠡᠮᠡᠭᠳᠡᠵᠦ᠂ ᠠᠵᠢᠯ ᠣᠯᠭᠣᠯᠲᠠ ᠶ᠋ᠢᠨ ᠲᠣᠭᠲᠠᠭᠤᠨ ᠪᠠᠶᠢᠬᠤ ᠳ᠋ᠤ ᠲᠦᠰᠢᠭ ᠪᠣᠯᠣᠭᠰᠠᠨ ᠪᠠᠶᠢᠨ᠎ᠠ᠃ ᠬᠣᠶᠠᠷ ᠲᠤ᠂ ᠠᠵᠤ ᠠᠬᠤᠢ ᠶ᠋ᠢᠨ ᠪᠦᠲᠦᠴᠡ ᠶ᠋ᠢᠨ ᠰᠢᠯᠢᠳᠡᠭᠵᠢᠭᠰᠡᠨ᠂ ᠣᠨᠴᠠᠭᠠᠶᠢᠯᠠᠨ ᠭᠤᠷᠪᠠᠳᠤᠭᠠᠷ ᠠᠵᠤ ᠦᠢᠯᠡᠰ ᠤᠨ ᠲᠦᠷᠭᠡᠨ ᠬᠥᠭ᠍ᠵᠢᠯᠲᠡ ᠪᠣᠯᠣᠨ ᠰᠢᠨ᠎ᠡ ᠠᠵᠤ ᠦᠢᠯᠡᠰ᠂ ᠰᠢᠨ᠎ᠡ ᠠᠵᠤ ᠦᠢᠯᠡᠰ ᠦ᠋ᠨ ᠬᠦᠷᠢᠶᠡᠨ ᠦ ᠰᠠᠶᠢᠨ ᠰᠠᠶᠢᠬᠠᠨ ᠬᠥᠭ᠍ᠵᠢᠯᠲᠡ ᠶ᠋ᠢᠨ ᠬᠠᠨᠳᠤᠰᠢ ᠨᠢ ᠠᠵᠢᠯ ᠣᠯᠭᠣᠯᠲᠠ ᠶ᠋ᠢ ᠠᠬᠢᠭᠤᠯᠪᠠ᠃ ᠭᠤᠷᠪᠠ ᠳ᠋ᠤ᠂ ᠥᠭᠡᠷᠡᠴᠢᠯᠡᠯᠲᠡ ᠶ᠋ᠢᠨ ᠦᠷ᠎ᠡ ᠠᠰᠢᠭ ᠢᠯᠡᠷᠡᠭᠰᠡᠨ ᠡᠴᠡ ᠪᠣᠯᠵᠤ ᠠᠵᠢᠯ ᠣᠯᠭᠣᠯᠲᠠ ᠰᠠᠶᠢᠵᠢᠷᠠᠵᠠᠢ᠃ ᠵᠠᠰᠠᠭ ᠢ ᠴᠣᠮᠬᠠᠳᠬᠠᠨ ᠡᠷᠬᠡ ᠶ᠋ᠢ ᠳᠣᠷᠣᠭᠰᠢ ᠪᠠᠭᠤᠯᠭᠠᠬᠤ᠂ ᠠᠳᠠᠯ ᠦᠢᠯᠡᠰ ᠪᠣᠰᠬᠠᠬᠤ ᠶ᠋ᠢ ᠵᠣᠷᠢᠭᠵᠢᠭᠤᠯᠬᠤ ᠵᠡᠷᠭᠡ ᠨᠢ ᠶᠡᠬᠡ ᠬᠡᠮᠵᠢᠶᠡᠨ ᠦ ᠠᠵᠢᠯ ᠤᠨ ᠪᠠᠶᠢᠷᠢ ᠬᠠᠩ᠋ᠭᠠᠭᠰᠠᠨ ᠶᠤᠮ᠃ ᠳᠥᠷᠪᠡ ᠳᠤ᠂ ᠢᠳᠡᠪᠬᠢᠲᠡᠢ ᠠᠵᠢᠯ ᠣᠯᠭᠣᠯᠲᠠ ᠶ᠋ᠢᠨ ᠲᠥᠷᠥ ᠶ᠋ᠢᠨ ᠪᠣᠳᠣᠯᠭ᠎ᠠ ᠦᠷᠭᠦᠯᠵᠢᠯᠡᠨ ᠦᠢᠯᠡᠳᠦᠯ ᠦᠵᠡᠭᠦᠯᠦᠭᠰᠡᠨ ᠪᠥᠭᠡᠳ ᠮᠥᠨ ᠴᠦ ᠥᠷᠭᠡᠨ ᠣᠯᠠᠨ ᠬᠥᠳᠡᠯᠮᠦᠷᠢᠴᠢᠨ ᠲᠦᠮᠡᠨ ᠦ ᠴᠤᠴᠠᠯᠲᠠ ᠦᠭᠡᠢ ᠲᠡᠮᠡᠴᠡᠯ ᠪᠣᠯᠣᠨ ᠬᠤᠪᠢ ᠬᠥᠮᠥᠨ ᠦ ᠴᠢᠷᠮᠠᠶᠢᠯᠭ᠎ᠠ ᠲᠡᠢ ᠰᠢᠭᠤᠳ ᠬᠤᠯᠪᠤᠭ᠎ᠠ ᠲᠠᠢ᠃

ᠢᠷᠡᠯᠳᠡ᠄ ᠳᠤᠮᠳᠠᠳᠤ ᠤᠯᠤᠰ ᠤᠨ ᠮᠣᠩ᠋ᠭᠤᠯ ᠷᠠᠳᠢᠣ᠋ ᠰᠦᠯᠵᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122075204