蒙古文网站Logo
ᠰᠢᠨᠬᠤᠸᠠ ᠮᠤᠩᠭ᠋ᠤᠯ ᠨᠧᠲ

ᠬᠤᠶᠠᠳᠤᠭᠠᠷ ᠬᠤᠭᠤᠴᠠᠭᠠᠨ ᠤ ᠲᠡᠯᠡᠬᠡᠢ ᠶᠢᠨ ᠡᠯᠧᠺᠲ᠋ᠷᠤᠨ ᠦᠷᠢᠰᠦᠯᠳᠦᠬᠡᠨ ᠤ ᠰᠫᠤᠷᠲ ᠤᠨ ᠠᠽᠢᠶ᠎ᠠ ᠨᠤᠮᠤᠬᠠᠨ ᠲᠠᠯᠠᠢ ᠶᠢᠨ ᠪᠦᠰᠡ ᠶᠢᠨ ᠰᠢᠶ᠋ᠳᠪᠦᠷᠢᠳᠤ ᠲᠡᠮᠡᠴᠡᠬᠡᠨ ᠴᠢᠩᠳ᠋ᠤᠤ ᠳᠤ ᠵᠤᠬᠢᠶᠠᠨ ᠪᠠᠶᠢᠭᠤᠯᠤᠭᠳᠠᠨ᠎ᠠ

2017-12-07 21:09

    ᠰᠢᠨᠬᠤᠸᠠ ᠬᠤᠷᠢᠶ᠎ᠠ   ᠴᠢᠩᠳ᠋ᠤᠤ ᠶᠢᠨ 12 ᠰᠠᠷ᠎ᠠ ᠶᠢᠨ 6 ᠤ ᠡᠳᠤᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠰᠦ ᠸᠠᠨ ᠮᠢᠩ) ᠰᠤᠷᠪᠤᠯᠵᠢᠯᠠᠭᠴᠢ 6 ᠤ ᠡᠳᠤᠷ ᠴᠢᠩᠳᠤᠤ ᠶᠢᠨ ᠵᠢᠶᠤᠤ ᠵᠧᠤ ᠬᠤᠳᠠ ᠶᠢᠨ ᠵᠠᠰᠠᠭ ᠤᠨ ᠤᠷᠳᠤᠨ ᠪᠤᠯᠤᠨ ᠠ ᠯᠢ ᠰᠫᠤᠷᠲ ᠬᠠᠮᠳᠤᠷᠠᠨ ᠵᠢᠶᠤᠤ ᠵᠧᠤ ᠬᠤᠳᠠ ᠳᠤ ᠬᠤᠷᠠᠯᠳᠤᠬᠰᠠᠨ ᠬᠡᠪᠯᠡᠯ ᠮᠡᠳᠡᠭᠡᠯᠡᠯ ᠤᠨ ᠬᠤᠷᠠᠯ ᠡᠴᠡ ᠤᠶᠢᠯᠠᠭᠠᠭᠰᠠᠨ ᠢᠶᠡᠷ᠂ ᠬᠤᠶᠠᠳᠤᠭᠠᠷ ᠬᠤᠭᠤᠴᠠᠭᠠᠨ ᠤ ᠲᠡᠯᠡᠬᠡᠢ ᠶᠢᠨ ᠡᠯᠧᠺᠲ᠋ᠷᠤᠨ ᠦᠷᠢᠰᠦᠯᠳᠦᠬᠡᠨ ᠤ ᠰᠫᠤᠷᠲ ᠤᠨ ᠠᠵᠢᠯᠯᠠᠭ᠎ᠠ (World Electronic Sports Games᠂ ᠲᠤᠪᠴᠢᠯᠠᠪᠠᠯ WESG ) ᠠᠽᠢᠶ᠎ᠠ ᠨᠤᠮᠤᠬᠠᠨ ᠲᠠᠯᠠᠢ ᠶᠢᠨ ᠪᠦᠰᠡ ᠶᠢᠨ ᠰᠢᠶ᠋ᠳᠪᠦᠷᠢᠳᠤ ᠲᠡᠮᠡᠴᠡᠬᠡᠨ 2018 ᠤᠨ ᠤ 1 ᠰᠠᠷ᠎ᠠ ᠶᠢᠨ 11-14 ᠤ᠋ ᠡᠳᠤᠷ ᠪᠤᠯᠳᠠᠯ᠎ᠠ ᠵᠢᠶᠤᠤ ᠵᠧᠤ ᠳᠤ ᠵᠤᠬᠢᠶᠠᠨ ᠪᠠᠶᠢᠭᠤᠯᠤᠭᠳᠠᠨ᠎ᠠ᠃

    ᠤᠶᠢᠯᠠᠭᠠᠭᠰᠠᠨ ᠢᠶᠡᠷ᠂ ᠬᠤᠶᠠᠳᠤᠭᠠᠷ ᠬᠤᠭᠤᠴᠠᠭᠠᠨ ᠤ ᠲᠡᠯᠡᠬᠡᠢ ᠶᠢᠨ ᠡᠯᠧᠺᠲ᠋ᠷᠤᠨ ᠦᠷᠢᠰᠦᠯᠳᠦᠬᠡᠨ ᠤ ᠰᠫᠤᠷᠲ ᠤᠨ ᠠᠵᠢᠯᠯᠠᠭ᠎ᠠ ᠨᠢ ᠠ ᠯᠢ ᠰᠫᠤᠷᠲ 2016 ᠤᠨ ᠳᠤ ᠠᠩᠬ᠎ᠠ ᠡᠬᠦᠳᠦᠭᠰᠡᠨ ᠲᠡᠯᠡᠬᠡᠢ ᠶᠢᠨ ᠴᠢᠨᠠᠷᠲᠠᠢ ᠶᠡᠷᠦᠩᠬᠡᠶᠢᠯᠡᠭᠰᠡᠨ ᠲᠡᠮᠡᠴᠡᠬᠡᠨ ᠤ ᠲᠦᠷᠢᠮᠳᠤ ᠡᠯᠧᠺᠲ᠋ᠷᠤᠨ ᠦᠷᠢᠰᠦᠯᠳᠦᠬᠡᠨ ᠪᠤᠯᠬᠤ ᠪᠦᠭᠡᠳ ᠤᠳᠤᠬᠠᠨ ᠳᠤ ᠲᠡᠯᠡᠬᠡᠢ ᠳᠤ ᠰᠫᠤᠷᠲ ᠤᠨ ᠴᠢᠨᠠᠷ ᠲᠠᠢ ᠴᠤᠷ ᠤᠨ ᠭᠠᠭᠴᠠ ᠡᠯᠧᠺᠲ᠋ᠷᠤᠨ ᠦᠷᠢᠰᠦᠯᠳᠦᠬᠡᠨ ᠪᠤᠯᠤᠨ᠎ᠠ᠃ 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122075227