蒙古文网站Logo
ᠰᠢᠨᠬᠤᠸᠠ ᠮᠤᠩᠭ᠋ᠤᠯ ᠨᠧᠲ

ᠤᠯᠤᠰ ᠲᠠᠶᠠᠭᠠᠷ ᠤᠨ 150 ᠲᠤᠰᠬᠤᠨ 《 2017 ᠤᠨ ᠤ ᠲᠤᠮᠳᠠᠳᠤ ᠤᠯᠤᠰ ᠤᠨ ᠦᠵᠡᠰᠬᠦᠯᠡᠩᠳᠤ ᠵᠤᠭᠠᠴᠠᠯ ᠤᠨ ᠲᠤᠰᠬᠤᠨ》 ᠢᠶᠡᠷ ᠦᠨᠡᠯᠡᠭᠳᠡᠪᠡ

2017-12-08 17:21

    ᠰᠢᠨᠬᠤᠸᠠ ᠬᠤᠷᠢᠶ᠎ᠠ   ᠴᠧᠩᠳᠦ᠋ ᠶᠢᠨ 12 ᠰᠠᠷ᠎ᠠ ᠶᠢᠨ 5 ᠤ ᠡᠳᠤᠷ ᠤᠨ ᠴᠠᠬᠢᠯᠭᠠᠨ ᠮᠡᠳᠡᠬᠡ (ᠰᠤᠷᠪᠤᠯᠵᠢᠯᠠᠭᠴᠢ ᠴᠧᠨ ᠳ᠋ᠢ) ᠰᠤᠷᠪᠤᠯᠵᠢᠯᠠᠭᠴᠢ 5 ᠤ ᠡᠳᠤᠷ ᠰᠧᠴᠤᠸᠠᠨ ᠤ ᠡᠦ ᠱᠧᠩ ᠰᠢᠶᠠᠨ ᠳᠤ ᠪᠤᠯᠤᠭᠰᠠᠨ ᠲᠤᠮᠳᠠᠳᠤ ᠤᠯᠤᠰ ᠤᠨ ᠦᠵᠡᠰᠬᠦᠯᠡᠩᠳᠤ ᠵᠤᠭᠠᠴᠠᠯ ᠤᠨ ᠲᠤᠰᠬᠤᠨ ᠤ ᠪᠠᠶᠢᠭᠤᠯᠤᠯᠳᠠ ᠶᠢᠨ ᠬᠤᠷᠠᠯ ᠡᠴᠡ ᠤᠶᠢᠯᠠᠭᠠᠭᠰᠠᠨ ᠢᠶᠡᠷ᠂ ᠪᠡᠭᠡᠵᠢᠩ ᠬᠤᠳᠠ ᠶᠢᠨ ᠫᠢᠩ ᠬᠦ᠋ ᠲᠤᠭᠤᠷᠢᠭ ᠤᠨ ᠬᠤᠸᠠᠩ ᠼᠤᠤ ᠸᠠ ᠲᠤᠰᠬᠤᠨ᠂ ᠵᠧᠵᠢᠶᠠᠩ ᠮᠤᠵᠢ ᠶᠢᠨ ᠺᠠᠢ ᠬᠤᠸᠠ ᠰᠢᠶᠠᠨ ᠤ ᠯᠦᠩ ᠮᠧᠨ ᠲᠤᠰᠬᠤᠨ᠂ ᠱᠠᠨ ᠰᠢ ᠮᠤᠵᠢ ᠶᠢᠨ ᠴᠠᠩ ᡁᠢ ᠰᠢᠶᠠᠨ ᠤ ᠳ᠋ᠦᠩ ᠵᠠᠩ ᠲᠤᠰᠬᠤᠨ ᠵᠡᠷᠬᠡ ᠤᠯᠤᠰ ᠲᠠᠶᠠᠭᠠᠷ ᠤᠨ 150 ᠲᠤᠰᠬᠤᠨ 《2017 ᠤᠨ ᠤ ᠲᠤᠮᠳᠠᠳᠤ ᠤᠯᠤᠰ ᠤᠨ ᠦᠵᠡᠰᠬᠦᠯᠡᠩᠳᠤ ᠵᠤᠭᠠᠴᠠᠯ ᠤᠨ ᠲᠤᠰᠬᠤᠨ》 ᠢᠶᠡᠷ ᠦᠨᠡᠯᠡᠭᠳᠡᠵᠤ᠂ ᠮᠦᠨ ᠲᠤᠬᠠᠢ ᠶᠢᠨ ᠭᠠᠵᠠᠷ ᠲᠤ ᠨᠢ ᠫᠠᠶᠢᠰᠠ ᠭᠠᠷᠳᠠᠭᠤᠯᠬᠤ ᠶᠤᠰᠤᠯᠠᠯ ᠶᠠᠪᠤᠭᠳᠠᠭᠤᠯᠪᠠ᠃

    ᠤᠶᠢᠯᠠᠭᠠᠭᠰᠠᠨ ᠢᠶᠡᠷ᠂ ᠦᠨᠦ ᠵᠢᠯ ᠤᠨ 9 ᠰᠠᠷ᠎ᠠ ᠳᠤ ᠬᠦᠳᠡᠬᠡ ᠠᠵᠤ ᠠᠬᠤᠢ ᠶᠢᠨ ᠶᠠᠮᠤᠨ 《 ᠵᠠᠰᠠᠭ ᠤᠨ ᠤᠷᠳᠤᠨ ᠡᠴᠡ ᠤᠳᠤᠷᠢᠳᠬᠤ᠂ ᠲᠠᠷᠢᠶᠠᠴᠢᠨ ᠭᠤᠤᠯ ᠴᠤᠭᠴᠠ᠂ ᠤᠯᠠᠨ ᠲᠠᠯ᠎ᠠ ᠤᠷᠤᠯᠴᠠᠬᠤ᠂ ᠬᠠᠮᠳᠤ ᠪᠡᠷ ᠡᠳ᠋ᠯᠡᠬᠦ》ᠰᠡᠳᠬᠢᠴᠡ ᠪᠠᠷ ᠲᠤᠮᠳᠠᠳᠤ ᠤᠯᠤᠰ ᠤᠨ ᠦᠵᠡᠰᠬᠦᠯᠡᠩᠳᠤ ᠵᠤᠭᠠᠴᠠᠯ ᠤᠨ ᠲᠤᠰᠬᠤᠨ ᠤ ᠰᠤᠷᠳᠠᠯᠴᠢᠯᠠᠭ᠎ᠠ ᠶᠢᠨ ᠠᠵᠢᠯᠯᠠᠭ᠎᠎ᠠ ᠦᠷᠨᠢᠬᠦᠯᠵᠤ᠂ ᠬᠦᠳᠡᠬᠡ ᠲᠤᠰᠬᠤᠨ ᠡᠴᠡ ᠲᠠᠨᠢᠯᠴᠠᠭᠤᠯᠬᠤ᠂ ᠮᠡᠷᠭᠡᠵᠢᠯᠳᠡᠨ ᠬᠢᠨᠠᠬᠤ ᠪᠤᠯᠤᠨ ᠨᠧᠲ ᠢᠶᠡᠷ ᠢᠯᠡ ᠵᠠᠷᠯᠠᠬᠤ ᠵᠡᠷᠬᠡ ᠠᠷᠭ᠎ᠠ  ᠪᠡᠷ 150 ᠲᠤᠰᠬᠤᠨ ᠢ 《 2017 ᠤᠨ ᠤ ᠲᠤᠮᠳᠠᠳᠤ ᠤᠯᠤᠰ ᠤᠨ ᠦᠵᠡᠰᠬᠦᠯᠡᠩᠳᠤ ᠵᠤᠭᠠᠴᠠᠯ ᠤᠨ ᠲᠤᠰᠬᠤᠨ》 ᠢ᠋ᠶᠡᠷ ᠨᠡᠷ᠎ᠡ ᠲᠡᠪᠰᠢᠬᠦᠯᠦᠭᠰᠡᠨ ᠪᠠᠶᠢᠨ᠎ᠠ᠃

    ᠲᠠᠨᠢᠯᠴᠠᠭᠤᠯᠤᠭᠰᠠᠨ ᠢᠶᠡᠷ᠂ ᠲᠤᠮᠳᠠᠳᠤ ᠤᠯᠤᠰ ᠤᠨ 150 ᠦᠵᠡᠰᠬᠦᠯᠡᠩᠳᠤ ᠲᠤᠰᠬᠤᠨ ᠢ ᠦᠪᠡᠷᠮᠢᠴᠡ ᠰᠠᠭᠤᠭᠠᠯᠢ ᠲᠤᠰᠬᠤᠨ᠂ ᠦᠪᠡᠷᠮᠢᠴᠡ ᠰᠤᠶᠤᠯ ᠢᠷᠬᠡᠨᠰᠢᠯ ᠤᠨ ᠲᠤᠰᠬᠤᠨ᠂ ᠤᠳᠤᠬᠢᠴᠢᠯᠠᠭᠰᠠᠨ ᠰᠢᠨ᠎ᠡ ᠲᠤᠰᠬᠤᠨ ᠪᠤᠯᠤᠨ ᠲᠡᠦᠬᠡ ᠶᠢᠨ ᠬᠠᠭᠤᠴᠢᠨ ᠲᠤᠰᠬᠤᠨ ᠵᠡᠷᠬᠡ 4 ᠶᠡᠬᠡ ᠲᠦᠷᠦᠯ ᠳᠤ ᠠᠩᠬᠢᠯᠠᠵᠠᠢ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122081563