蒙古文网站Logo
ᠰᠢᠨᠬᠤᠸᠠ ᠮᠤᠩᠭ᠋ᠤᠯ ᠨᠧᠲ

ᠪᠡᠭᠡᠵᠢᠩ ᠲᠢᠶᠠᠨᠵᠢᠨ ᠾᠧᠪᠧᠢ 144 ᠴᠠᠭ ᠤᠨ ᠲᠤᠳᠤᠷ᠎ᠠ ᠸᠢᠰᠠ ᠪᠦᠷᠢᠳᠬᠡᠬᠦ ᠦᠭᠡᠢ ᠪᠡᠷ ᠬᠢᠯᠢ ᠳᠠᠮᠨᠠᠭᠤᠯᠤᠨ᠎ᠠ

2017-12-09 15:02

    ᠪᠡᠭᠡᠵᠢᠩ ᠲᠢᠶᠠᠨᠵᠢᠨ ᠾᠧᠪᠧᠢ ᠶᠢᠨ ᠢᠷᠭᠡᠨ ᠤ ᠨᠢᠰᠬᠦ ᠤᠩᠭ᠋ᠤᠴᠠᠨ ᠤ ᠲᠤᠪᠴᠢᠶ᠎ᠠ ᠶᠢᠨ ᠬᠠᠮᠳᠤᠷᠠᠭᠰᠠᠨ ᠬᠦᠭ᠍ᠵᠢᠯᠳᠠ ᠶᠢᠨ ᠬᠦᠭ᠌ ᠬᠤᠷᠳᠤᠰᠴᠤ ᠪᠤᠢ᠃ ᠤᠯᠤᠰ ᠤᠨ ᠬᠦᠭ᠍ᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠪᠤᠯᠤᠨ ᠢᠷᠭᠡᠨ ᠤ ᠨᠢᠰᠬᠦ ᠤᠩᠭ᠋ᠤᠴᠠᠨ ᠤ ᠲᠤᠪᠴᠢᠶ᠎ᠠ ᠤᠶᠢᠷ᠎ᠠ ᠳᠤ 《ᠪᠡᠭᠡᠵᠢᠩ ᠲᠢᠶᠠᠨᠵᠢᠨ ᠾᠧᠪᠧᠢ ᠶᠢᠨ ᠢᠷᠭᠡᠨ ᠤ ᠨᠢᠰᠬᠦ ᠤᠩᠭ᠋ᠤᠴᠠᠨ ᠤ ᠲᠤᠪᠴᠢᠶ᠎ᠠ ᠶᠢᠨ ᠬᠠᠮᠳᠤᠷᠠᠭᠰᠠᠨ ᠬᠦᠭ᠍ᠵᠢᠯᠳᠡ ᠶᠢ ᠬᠡᠷᠡᠭᠵᠢᠬᠦᠯᠬᠦ ᠰᠠᠨᠠᠯ》 ᠢ᠋ ᠬᠡᠪᠯᠡᠨ ᠲᠠᠷᠬᠠᠭᠠᠪᠠ᠃ 《ᠰᠠᠨᠠᠯ》 ᠳ᠋ᠤ᠂ 2020 ᠤᠨ ᠪᠤᠯᠬᠤ ᠳᠤ ᠪᠡᠭᠡᠵᠢᠩ ᠤᠨ《ᠬᠤᠤᠰ ᠪᠡᠯᠴᠡᠷ》ᠨᠢᠰᠬᠦ ᠤᠩᠭ᠋ᠤᠴᠠᠨ ᠤ ᠪᠠᠭᠤᠳᠠᠯ ᠪᠤᠯᠤᠨ ᠲᠢᠶᠠᠨᠵᠢᠨ᠂ ᠴᠢᠭᠤᠯᠤᠯᠳᠤ ᠬᠠᠭᠠᠯᠭ᠎ᠠ ᠶᠢᠨ ᠨᠢᠰᠬᠦ ᠤᠩᠭ᠋ᠤᠴᠠᠨ ᠤ ᠪᠠᠭᠤᠳᠠᠯ ᠢ ᠴᠠᠷᠬᠢ ᠵᠠᠮ ᠬᠠᠷᠢᠯᠴᠠᠭ᠎ᠠ ᠲᠠᠢ ᠪᠦᠲᠦᠮᠵᠢᠲᠡᠢ ᠬᠤᠯᠪᠤᠭᠳᠠᠭᠤᠯᠤᠨ᠎ᠠ; 2030 ᠤᠨ ᠪᠤᠯᠬᠤ ᠳᠤ᠂ ᠪᠡᠭᠡᠵᠢᠩ ᠲᠢᠶᠠᠨᠵᠢᠨ ᠾᠧᠪᠧᠢ ᠠᠵᠢᠯ ᠬᠤᠪᠢᠶᠠᠷᠢᠯᠠᠨ ᠬᠠᠮᠳᠤᠷᠠᠬᠰᠠᠨ᠂ ᠲᠠᠪᠠᠭᠤᠯᠢᠭ ᠢᠶᠡᠨ ᠬᠠᠷᠢᠯᠴᠠᠨ ᠨᠦᠬᠦᠪᠦᠷᠢᠯᠡᠭᠰᠡᠨ᠂ ᠠᠭᠠᠷ ᠠᠶᠠᠯᠠᠯ ᠪᠠ ᠲᠡᠮᠦᠷ ᠵᠠᠮ ᠬᠤᠯᠪᠤᠭᠠᠯᠠᠬᠰᠠᠨ᠂ ᠬᠠᠮᠳᠤ ᠪᠡᠷ ᠬᠦᠭ᠍ᠵᠢᠭᠰᠡᠨ ᠲᠡᠯᠡᠬᠡᠢ ᠶᠢᠨ ᠵᠡᠷᠬᠡᠯᠡᠯ ᠤᠨ ᠨᠢᠰᠬᠦ ᠤᠩᠭ᠋ᠤᠴᠠᠨ ᠤ ᠲᠠᠪᠴᠠᠩ ᠪᠦᠷᠢᠯᠳᠤᠬᠦᠯᠦᠨ᠎ᠡ ᠬᠡᠵᠤ ᠲᠤᠳᠤᠷᠬᠠᠢ ᠲᠤᠷᠠᠳᠴᠠᠢ᠃

    《ᠰᠠᠨᠠᠯ》 ᠳ᠋ᠤ ᠪᠠᠰᠠ᠂ ᠪᠡᠭᠡᠵᠢᠩ ᠲᠢᠶᠠᠨᠵᠢᠨ ᠾᠧᠪᠧᠢ 144 ᠴᠠᠭ ᠤᠨ ᠲᠤᠳᠤᠷ᠎ᠠ ᠸᠢᠰᠠ ᠪᠦᠷᠢᠳᠬᠡᠬᠦᠯᠬᠦ ᠦᠭᠡᠢ ᠪᠡᠷ ᠬᠢᠯᠢ ᠳᠠᠮᠨᠠᠬᠤ ᠪᠤᠳᠤᠯᠭ᠎ᠠ ᠬᠡᠷᠡᠭᠵᠢᠬᠦᠯᠦᠨ᠎ᠡ; ᠴᠢᠭᠤᠯᠤᠯᠳᠤ ᠬᠠᠭᠠᠯᠭ᠎ᠠ ᠡᠴᠡ ᠰᠢᠶᠦ᠋ᠩ ᠠᠨ᠂ ᠬᠠᠨᠳᠠᠨ ᠬᠦᠷᠬᠦ ᠬᠤᠳᠠ ᠶᠢ ᠬᠤᠯᠪᠤᠭᠰᠠᠨ ᠲᠡᠮᠦᠷ ᠵᠠᠮ ᠤᠨ ᠳᠦᠰᠦᠯ ᠢ ᠬᠡᠷᠡᠭᠵᠢᠬᠦᠯᠬᠦ ᠪᠡᠷ ᠪᠠᠶᠢᠨ᠎ᠠ ᠬᠡᠵᠤ ᠲᠤᠷᠠᠳᠴᠠᠢ᠃ 

ᠢᠷᠡᠯᠳᠡ᠄ ᠪᠡᠭᠡᠵᠢᠩ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122084169