蒙古文网站Logo
ᠰᠢᠨᠬᠤᠸᠠ ᠮᠤᠩᠭ᠋ᠤᠯ ᠨᠧᠲ

2017 ᠤᠨ ᠤ ᠤᠯᠤᠰ ᠲᠠᠶᠠᠭᠠᠷ ᠤᠨ ᠲᠤᠤ ᠪᠤᠤ ᠲᠤᠰᠬᠤᠨ ᠤ ᠲᠤᠭ᠎ᠠ 2100 ᠶᠢ ᠲᠠᠪᠠᠵᠤ ᠲᠤᠤ ᠪᠤᠤ ᠪᠠᠯᠭᠠᠰᠤ 242 ᠪᠤᠯᠪᠠ

2017-12-10 12:31

    ᠡᠮᠦᠨᠡᠬᠡᠨ᠂ ᠲᠠᠪᠤᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠲᠤᠤ ᠪᠤᠤ ᠲᠤᠰᠬᠤᠨ ᠤ ᠲᠡᠭᠡᠳᠤ ᠲᠦᠪᠰᠢᠨ ᠤ ᠹᠤᠷᠦ᠋ᠮ ᠱᠠᠨᠳᠦ᠋ᠩ ᠤᠨ ᠾᠧ ᠽᠧ ᠬᠤᠳᠠ ᠳᠤ ᠵᠤᠬᠢᠶᠠᠨ ᠪᠠᠶᠢᠭᠤᠯᠤᠭᠳᠠᠵᠤ᠂ ᠤᠯᠤᠰ ᠤᠨ ᠲᠤᠳᠤᠭᠠᠳᠤ ᠶᠢᠨ ᠡᠳ᠋ ᠤᠨ ᠵᠠᠰᠠᠭ ᠤᠨ ᠡᠷᠳᠡᠮᠳᠡᠳ᠂ ᠴᠠᠬᠢᠮ ᠬᠤᠳᠠᠯᠳᠤᠭᠠᠨ ᠤ ᠬᠤᠰᠢᠭᠤᠴᠢᠳ ᠴᠤᠭᠯᠠᠷᠠᠨ ᠢᠨᠲ᠋ᠧᠷᠨᠧᠲ ᠤᠨ ᠰᠢᠨ᠎ᠡ ᠲᠧᠭᠨᠤᠯᠤᠬᠢ ᠶᠢ ᠬᠡᠷᠬᠢᠨ ᠠᠰᠢᠭᠯᠠᠪᠠᠯ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠰᠡᠷᠬᠦᠬᠡᠵᠤ᠂ ᠬᠦᠳᠡᠬᠡ ᠲᠤᠰᠬᠤᠨ ᠤ ᠦᠷᠳᠡᠭ ᠢ ᠢᠯᠡᠷᠡᠬᠦᠯᠬᠦ ᠲᠤᠬᠠᠢ ᠶᠠᠷᠢᠯᠴᠠᠪᠠ᠃

    ᠹᠤᠷᠦ᠋ᠮ ᠢᠶᠡᠷ᠂ 2017 ᠤᠨ ᠤ ᠤᠯᠤᠰ ᠲᠠᠶᠠᠭᠠᠷ ᠤᠨ ᠲᠤᠤ ᠪᠤᠤ ᠲᠤᠰᠬᠤᠨ ᠤ ᠲᠤᠭ᠎ᠠ ᠨᠢᠬᠡᠨᠳᠡ 2118 ᠳ᠋ᠤ ᠬᠦᠷᠴᠦ᠂ ᠲᠤᠤ ᠪᠤᠤ ᠪᠠᠯᠭᠠᠰᠤ 242 ᠳᠤ ᠬᠦᠷᠴᠦ ᠂ ᠲᠤᠤ ᠪᠤᠤ ᠲᠤᠰᠬᠤᠨ ᠤ ᠴᠠᠬᠢᠮ ᠬᠤᠳᠠᠯᠳᠤᠭᠠᠨ ᠤ ᠲᠡᠯᠬᠡᠬᠦᠷ 49 ᠲᠦᠮᠡ ᠶᠢ ᠲᠠᠪᠠᠵᠤ᠂ ᠠᠵᠢᠯ ᠤᠯᠭᠤᠯᠳᠠ ᠶᠢ ᠰᠢᠭᠤᠳ ᠲᠠᠶᠢᠴᠢᠯᠠᠨ 130 ᠭᠠᠷᠤᠢ ᠲᠦᠮᠡᠨ ᠠᠵᠢᠯ ᠤᠨ ᠪᠠᠶᠢᠷᠢ ᠬᠠᠩᠭ᠋ᠠᠪᠠ ᠬᠡᠵᠤ ᠵᠠᠷᠯᠠᠵᠠᠢ᠃ ᠤᠯᠤᠰ ᠤᠨ ᠵᠡᠷᠭᠡᠯᠡᠯ ᠤᠨ ᠶᠠᠳᠠᠭᠤ ᠬᠦᠴᠢᠷᠳᠡᠯᠳᠡᠢ ᠰᠢᠶᠠᠨ ᠪᠤᠯᠤᠨ ᠮᠤᠵᠢ ᠶᠢᠨ ᠲᠡᠰ ᠤᠨ ᠶᠠᠳᠠᠭᠤ ᠬᠦᠴᠢᠷᠳᠡᠯᠲᠡᠢ ᠰᠢᠶᠠᠨ ᠳᠤ ᠲᠤᠤ ᠪᠤᠤ ᠲᠤᠰᠬᠤᠨ ᠤ ᠲᠤᠭ᠎ᠠ ᠦᠳᠳᠤᠷ ᠨᠡᠮᠡᠭᠳᠡᠵᠤ᠂ ᠴᠠᠬᠢᠮ ᠬᠤᠳᠠᠯᠳᠤᠭ᠎ᠠ ᠶᠠᠳᠠᠭᠤ ᠬᠦᠴᠢᠷᠳᠡᠯ ᠡᠴᠡ ᠠᠩᠬᠢᠵᠢᠷᠠᠬᠤ ᠳᠤ ᠴᠢᠬᠤᠯᠠ ᠦᠢᠯᠡᠳᠤᠯ ᠦᠵᠡᠬᠦᠯᠵᠤ ᠪᠠᠶᠢᠨ᠎ᠠ᠃

    2013 ᠤᠨ ᠡᠴᠡ ᠡᠬᠢᠯᠡᠨ ᠡᠷᠬᠢᠯᠡᠭᠰᠡᠨ ᠲᠤᠮᠳᠠᠳᠤ ᠤᠯᠤᠰ ᠤᠨ ᠲᠤᠤ ᠪᠤᠤ ᠲᠤᠰᠬᠤᠨ ᠤ ᠲᠡᠬᠡᠳᠤ ᠲᠦᠪᠰᠢᠨ ᠤ ᠹᠤᠷᠦ᠋ᠮ ᠨᠢᠬᠡᠨᠳᠡ ᠤᠯᠤᠰ ᠤᠨ ᠲᠤᠳᠤᠭᠠᠳᠤ ᠶᠢᠨ ᠬᠦᠳᠡᠬᠡ ᠲᠤᠰᠬᠤᠨ ᠤ ᠴᠠᠬᠢᠮ ᠬᠤᠳᠠᠯᠳᠤᠭᠠᠨ ᠤ ᠬᠦᠷᠢᠶᠡᠨ ᠳ᠋ᠡᠬᠢ ᠲᠡᠭᠡᠳᠤ ᠲᠦᠪᠰᠢᠨ ᠤ ᠬᠤᠷᠠᠯ ᠪᠤᠯᠪᠠ᠃

ᠢᠷᠡᠯᠳᠡ᠄ ᠭᠤᠸᠠᠩᠮᠢᠩ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122086779