蒙古文网站Logo
ᠰᠢᠨᠬᠤᠸᠠ ᠮᠤᠩᠭ᠋ᠤᠯ ᠨᠧᠲ

ᠬᠤᠶᠠᠷ ᠰᠠᠯᠠᠭ᠎ᠠ ᠮᠦᠴᠢᠷ᠄ ᠡᠪᠤᠯ ᠬᠠᠪᠤᠷ ᠤᠨ ᠭᠠᠮᠰᠢᠭ ᠡᠴᠡ ᠠᠪᠤᠷᠠᠬᠤ ᠲᠦᠪ ᠤᠨ ᠲᠤᠰᠠᠯᠠᠮᠵᠢ ᠶᠢᠨ ᠮᠦᠩᠬᠦ 57 ᠭᠠᠷᠤᠢ ᠳ᠋ᠦᠩᠰᠢᠭᠤᠷ ᠲᠦᠭᠦᠷᠢᠭ᠌ ᠪᠠᠭᠤᠯᠭᠠᠪᠠ

2017-12-12 16:54

    12 ᠰᠠᠷ᠎ᠠ ᠶᠢᠨ 11 ᠤ ᠡᠳᠤᠷ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠬ ᠤᠨ ᠶᠠᠮᠤᠨ ᠬᠠᠮᠳᠤᠷᠠᠨ 2017-2018 ᠤᠨ ᠤ ᠤᠯᠤᠰ ᠲᠠᠶᠠᠭᠠᠷ ᠤᠨ ᠡᠪᠤᠯ ᠬᠠᠪᠤᠷ ᠤᠨ ᠭᠠᠮᠰᠢᠭ ᠡᠴᠡ ᠠᠪᠤᠷᠠᠨ ᠲᠤᠰᠠᠯᠠᠬᠤ ᠠᠵᠢᠯ ᠤᠨ ᠲᠧᠯᠧᠶ᠋ᠰ ᠤᠳᠠᠰᠤᠳᠤ ᠬᠤᠷᠠᠯ ᠬᠢᠪᠡ᠂ ᠬᠤᠶᠠᠷ ᠰᠠᠯᠠᠭ᠎ᠠ ᠮᠦᠴᠢᠷ ᠲᠦᠷᠦᠭᠦᠬᠡᠨ 2017-2018 ᠤᠨ ᠤ ᠡᠪᠤᠯ ᠬᠠᠪᠤᠷ ᠤᠨ ᠭᠠᠮᠰᠢᠭ ᠡᠴᠡ ᠠᠪᠤᠷᠠᠬᠤ ᠲᠦᠪ ᠤᠨ ᠲᠤᠰᠠᠯᠠᠮᠵᠢ ᠶᠢᠨ ᠮᠦᠩᠬᠦ 57.275 ᠳ᠋ᠦᠩᠰᠢᠭᠤᠷ ᠲᠦᠭᠦᠷᠢᠭ᠌ ᠪᠠᠭᠤᠯᠭᠠᠵᠤ᠂ ᠡᠯ᠎ᠡ ᠭᠠᠮᠰᠢᠭ ᠤᠨ ᠪᠦᠰᠡ ᠳᠤ ᠨᠢᠭᠡᠳᠤᠯᠲᠡᠢ ᠲᠦᠯᠦᠪᠵᠢᠬᠦᠯᠦᠨ ᠭᠠᠮᠰᠢᠭᠳᠠᠬᠰᠠᠨ ᠢᠷᠭᠡᠳ ᠤᠨ ᠦᠨᠦ ᠡᠪᠤᠯ᠂ ᠢᠷᠡᠬᠦ ᠬᠠᠪᠤᠷ ᠤᠨ ᠠᠮᠦ ᠬᠦᠨᠡᠰᠤ᠂ ᠲᠤᠯᠠᠭᠠᠯᠠᠭ᠎ᠠ ᠵᠡᠷᠬᠡ ᠬᠦᠴᠢᠷᠳᠡᠯ ᠳᠤ ᠲᠤᠰᠠᠯᠠᠵᠤ᠂ ᠭᠠᠮᠰᠢᠭᠳᠠᠭᠰᠠᠨ ᠢᠷᠭᠡᠳ ᠤᠨ ᠡᠪᠤᠯ ᠬᠠᠪᠤᠷ ᠤᠨ ᠬᠤᠭᠤᠴᠠᠭᠠᠨ ᠳ᠋ᠡᠬᠢ ᠦᠨᠳᠦᠰᠦᠨ ᠠᠮᠢᠳᠤᠷᠠᠯ ᠢ ᠪᠠᠳᠤᠯᠠᠨ᠎ᠠ᠃

    ᠬᠤᠷᠠᠯ ᠳᠤ᠂ ᠲᠤᠰᠠᠯᠠᠮᠵᠢ ᠶᠢᠨ ᠮᠦᠩᠬᠦ ᠶᠢ ᠪᠠᠭᠤᠯᠭᠠᠬᠤ ᠭᠠᠷᠳᠠᠮ ᠪᠤᠯᠤᠨ ᠬᠦᠢᠴᠡᠳᠬᠡᠬᠦ ᠶᠠᠪᠤᠴᠠ ᠶᠢ ᠲᠦᠭᠦᠮᠴᠢᠯᠡᠵᠤ᠂ ᠡᠪᠤᠯ ᠬᠠᠪᠤᠷ ᠤᠨ ᠮᠦᠩᠬᠦ ᠶᠢ ᠪᠠᠭᠤᠯᠭᠠᠬᠤ ᠶᠢ ᠲᠦᠷᠭᠡᠳᠭᠡᠵᠤ᠂ ᠡᠪᠤᠯ ᠬᠠᠪᠤᠷ ᠤᠨ ᠭᠠᠮᠰᠢᠭ ᠡᠴᠡ ᠠᠪᠤᠷᠠᠬᠤ ᠲᠦᠪ ᠤᠨ ᠲᠤᠰᠠᠯᠠᠮᠵᠢ ᠶᠢᠨ ᠮᠦᠩᠬᠦ ᠶᠢ ᠨᠢᠬᠡ ᠰᠠᠷ᠎ᠠ ᠶᠢᠨ ᠲᠤᠳᠤᠷ᠎ᠠ ᠰᠢᠶᠠᠨ ᠬᠦᠷᠳᠡᠯ᠎ᠡ ᠪᠠᠭᠤᠯᠭᠠᠵᠤ᠂ ᠰᠢᠶᠠᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠮᠦᠩᠬᠦ ᠪᠠᠭᠤᠯᠭᠠᠬᠤ ᠮᠠᠲ᠋ᠧᠷᠢᠶᠠᠯ ᠢ ᠤᠯᠤᠭᠰᠠᠨ ᠤ ᠲᠠᠷᠠᠭ᠎ᠠ 15 ᠡᠳᠤᠷ ᠤᠨ ᠲᠤᠳᠤᠷ᠎ᠠ ᠲᠤᠰᠠᠯᠠᠮᠵᠢ ᠶᠢᠨ ᠮᠦᠩᠬᠦ ᠶᠢ ᠲᠠᠷᠬᠠᠭᠠᠵᠤ᠂ ᠠᠵᠢᠯ ᠢᠶᠡᠨ ᠲᠤᠰᠬᠤᠨ ᠳᠤ ᠪᠠᠶᠢᠷᠢᠰᠢᠭᠤᠯᠵᠤ᠂ ᠡᠷᠦᠬᠡ ᠪᠦᠷᠢ ᠳᠤ ᠨᠠᠶᠢᠳᠠᠪᠤᠷᠢᠵᠢᠭᠤᠯᠤᠨ᠂ ᠨᠢᠬᠡ ᠬᠦᠮᠦᠨ ᠢ ᠤᠷᠬᠢᠬᠳᠠᠯ ᠦᠭᠡᠢ ᠰᠠᠶᠢᠳᠤᠷ ᠨᠠᠢᠢᠳᠠᠪᠤᠷᠢᠵᠢᠭᠤᠯᠬᠤ ᠬᠡᠷᠡᠭᠲᠡᠢ ᠬᠡᠵᠤ ᠱᠠᠭᠠᠷᠳᠠᠵᠠᠢ᠃ 

ᠢᠷᠡᠯᠳᠡ᠄ ᠠᠷᠠᠳ ᠤᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122099268