蒙古文网站Logo
ᠰᠢᠨᠬᠤᠸᠠ ᠮᠤᠩᠭ᠋ᠤᠯ ᠨᠧᠲ

ᠬᠦᠮᠦᠨ ᠤ ᠬᠦᠴᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠶᠠᠮᠤᠨ᠄ 2018 ᠤᠨ ᠤ ᠴᠠᠭᠠᠨ ᠰᠠᠷ᠎ᠠ ᠡᠴᠡ ᠡᠮᠦᠨ᠎ᠡ ᠬᠦᠯᠦᠰᠦᠨ ᠠᠵᠢᠯᠴᠢᠨ ᠤ ᠴᠠᠯᠢᠩ ᠢ ᠦᠭ᠍ᠬᠦ ᠶᠢ ᠪᠠᠳᠤᠯᠠᠨ᠎ᠠ

2017-12-14 14:52

    12 ᠤᠨ ᠡᠳᠤᠷ᠂ ᠬᠦᠮᠦᠨ ᠤ ᠬᠦᠴᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠶᠠᠮᠤᠨ ᠤᠯᠤᠰ ᠤᠨ ᠠᠵᠤ ᠠᠬᠤᠶᠢᠯᠠᠯ ᠠᠵᠢᠯᠴᠢᠳ ᠲᠤ ᠴᠠᠯᠢᠩ  ᠦᠷᠢᠳᠤᠵᠤ ᠪᠠᠶᠢᠭ᠎ᠠ ᠠᠰᠠᠭᠤᠳᠠᠯ ᠢ ᠰᠢᠶ᠋ᠳᠪᠦᠷᠢᠯᠡᠬᠦ ᠬᠡᠯᠳᠡᠰ ᠤᠨ ᠬᠠᠮᠳᠤᠷᠠᠭᠰᠠᠨ ᠬᠤᠷᠠᠯ ᠤᠨ ᠬᠡᠰᠢᠬᠦᠳ ᠲᠠᠢ ᠬᠤᠷᠠᠯᠳᠤᠭᠤᠯᠤᠬᠰᠠᠨ ᠬᠤᠷᠠᠯ ᠳᠡᠭᠡᠷ ᠡ᠂ ᠬᠦᠮᠦᠨ ᠤ ᠬᠦᠴᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠶᠠᠮᠤᠨ ᠤ ᠲᠠᠷᠤᠭ᠎ᠠ ᠢ ᠸᠧᠢ ᠮᠢᠨ ᠡᠴᠡ 2018 ᠤᠨ ᠤ ᠴᠠᠭᠠᠨ ᠰᠠᠷ᠎ᠠ ᠡᠴᠡ ᠡᠮᠦᠨ᠎ᠡ ᠬᠦᠯᠦᠰᠦᠨ ᠠᠵᠢᠯᠴᠢᠳ ᠤᠨ ᠴᠠᠯᠢᠩ ᠢ ᠦᠭ᠍ᠬᠦ ᠠᠵᠢᠯ ᠤᠨ ᠲᠤᠭᠤᠷᠢᠨ ᠳᠤ ᠦᠬᠡ ᠬᠡᠯᠡᠬᠦ ᠳ᠋ᠡᠬᠡᠨ᠂ ᠡᠯ᠎ᠡ ᠱᠠᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ 2018 ᠤᠨ ᠤ ᠴᠠᠭᠠᠨ ᠰᠠᠷ᠎ᠠ ᠡᠴᠡ ᠡᠮᠦᠨ᠎ᠠ ᠬᠦᠯᠦᠰᠦᠨ ᠠᠵᠢᠯᠴᠢᠳ ᠤᠨ ᠴᠠᠯᠢᠩ ᠢ ᠦᠭ᠍ᠬᠦ ᠠᠵᠢᠯ ᠢ ᠰᠠᠶᠢᠳᠤᠷ ᠬᠢᠬᠦ ᠬᠡᠷᠡᠭᠲᠡᠢ ᠬᠡᠵᠤ ᠱᠠᠭᠠᠷᠳᠠᠵᠠᠢ᠃

    ᠬᠦᠮᠦᠨ ᠤ ᠬᠦᠴᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠶᠠᠮᠤᠨ ᠤ ᠬᠤᠷᠠᠯ ᠳᠡᠭᠡᠷ᠎ᠡ ᠨᠡᠶᠢᠳᠡᠯᠡᠭᠰᠡᠨ ᠲᠤᠭ᠎ᠠ ᠪᠠᠷᠢᠮᠳᠠ ᠶᠢ ᠦᠨᠳᠤᠰᠤᠯᠡᠪᠡᠯ᠂ ᠦᠨᠦ ᠵᠢᠯ ᠤᠨ 1-11 ᠰᠠᠷ᠎ᠠ ᠪᠤᠯᠳᠠᠯ᠎ᠠ᠂ ᠡᠯ᠎ᠡ ᠭᠠᠵᠠᠷ ᠤᠨ ᠬᠦᠳᠡᠯᠮᠦᠷᠢ ᠶᠢᠨ ᠪᠠᠳᠤᠯᠠᠭ᠎ᠠ ᠶᠢᠨ ᠬᠢᠨᠠᠨ ᠪᠠᠶᠢᠴᠠᠭᠠᠬᠤ ᠪᠠᠶᠢᠭᠤᠯᠤᠯᠭ᠎ᠠ ᠴᠠᠯᠢᠩ ᠦᠷᠢᠳᠤᠵᠤ ᠪᠠᠶᠢᠭ᠎ᠠ 12.8 ᠲᠦᠮᠡᠨ ᠬᠡᠷᠡᠭ ᠢ ᠪᠠᠶᠢᠴᠠᠭᠠᠨ ᠢᠯᠡᠷᠡᠬᠦᠯᠪᠡ᠂ 281 ᠲᠦᠮᠡᠨ ᠬᠦᠳᠡᠯᠮᠦᠷᠢᠴᠢᠨ ᠳᠤ ᠦᠷᠢᠳᠤᠭ᠍ᠰᠡᠨ ᠴᠠᠯᠢᠩ 224.5 ᠳ᠋ᠦᠩᠰᠢᠭᠤᠷ ᠲᠦᠭᠦᠷᠢᠭ᠌ ᠬᠦᠷᠴᠦ ᠦᠩᠬᠡᠷᠡᠭᠰᠡᠨ ᠵᠢᠯ ᠡᠴᠡ ᠲᠤᠰ ᠲᠤᠰ 38.2%᠂ 14%᠂ 28.3% ᠪᠡᠷ ᠪᠠᠭᠤᠷᠠᠪᠠ᠃ 《ᠬᠡᠳᠡᠯ᠎ᠡ ᠬᠦᠯᠦᠰᠦᠨ ᠠᠵᠢᠯᠴᠢᠨ ᠤ ᠴᠠᠯᠢᠩ ᠤᠨ ᠠᠰᠠᠭᠤᠳᠠᠯ ᠪᠠᠰᠠ ᠦᠨᠳᠤᠰᠦᠨ ᠡᠴᠡ ᠪᠡᠨ ᠰᠢᠶ᠋ᠳᠪᠦᠷᠢᠯᠡᠭᠳᠡᠬᠡ ᠦᠭᠡᠢ ᠪᠠᠶᠢᠬᠤ ᠶᠢ ᠲᠤᠳᠤᠷᠬᠠᠢ ᠤᠯᠵᠤ ᠬᠠᠷᠠᠨ᠎ᠠ 》ᠬᠡᠵᠤ ᠢ ᠸᠧᠢ ᠮᠢᠨ ᠶᠠᠷᠢᠯ ᠠ᠃

    ᠢ ᠸᠧᠢ ᠮᠢᠨ᠂ ᠰᠢᠨ᠎ᠡ ᠤᠨ᠂ ᠴᠠᠭᠠᠨ ᠰᠠᠷ᠎ᠠ ᠲᠦᠭᠦᠵᠤ ᠪᠤᠢ᠂ ᠪᠠᠷᠢᠯᠭ᠎ᠠ  ᠪᠠᠶᠢᠭᠤᠯᠤᠯᠳᠠ ᠶᠢᠨ ᠬᠦᠷᠢᠶᠠᠨ ᠳᠤ ᠮᠦᠨ ᠪᠠᠷᠢᠯᠭ᠎ᠠ ᠶᠢᠨ ᠮᠦᠩᠬᠦ᠂ ᠴᠠᠯᠢᠩ  ᠮᠦᠩᠬᠦ ᠲᠤᠭᠠᠴᠠᠵᠤ ᠪᠤᠳᠤᠬᠤ ᠤᠷᠬᠢᠯ ᠦᠶ᠎ᠡ ᠬᠦᠷᠴᠦ ᠢᠷᠡᠵᠤ ᠪᠠᠶᠢᠭ᠎ᠠ ᠪᠤᠯᠬᠤᠷ ᠴᠠᠯᠢᠩ ᠦᠷᠢᠳᠤᠬᠦ ᠠᠰᠠᠭᠤᠳᠠᠯ ᠤᠯᠠᠨ ᠢᠯᠡᠷᠡᠬᠦ ᠪᠤᠯᠤᠮᠵᠢᠲᠠᠢ᠃ ᠡᠯ᠎ᠡ ᠭᠠᠵᠠᠷ ᠤᠷᠤᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠵᠠᠰᠠᠬᠤ ᠬᠦᠴᠦᠯᠡᠴᠡ ᠪᠠᠨ ᠴᠢᠩᠭ᠋ᠠᠳᠬᠠᠵᠤ᠂ ᠴᠠᠭᠠᠨ ᠰᠠᠷ᠎ᠠ ᠡᠴᠡ ᠡᠮᠦᠨ᠎ᠡ ᠴᠠᠯᠢᠩ ᠦᠷᠢᠳᠤᠵᠤ ᠪᠠᠶᠢᠭ᠎ᠠ ᠬᠡᠷᠡᠭ᠂ ᠬᠤᠯᠪᠤᠭᠳᠠᠬᠤ ᠬᠦᠮᠦᠨ ᠪᠤᠯᠤᠨ ᠮᠦᠩᠬᠦ ᠶᠢᠨ ᠲᠤᠭ᠎ᠠ ᠶᠢ ᠢᠯᠡᠷᠬᠡᠢ ᠪᠠᠭᠠᠰᠬᠠᠬᠤ ᠶᠢ ᠴᠢᠷᠮᠠᠶᠢᠨ ᠪᠡᠶᠡᠯᠡᠬᠦᠯᠵᠤ᠂ ᠴᠠᠯᠢᠩ ᠤᠨ ᠠᠰᠠᠭᠤᠳᠠᠯ ᠡᠴᠡ ᠪᠤᠯᠵᠤ ᠪᠦᠯᠦᠭᠴᠢ ᠬᠡᠷᠡᠭ᠂ ᠬᠡᠳᠦᠷᠡᠬᠦᠦ ᠬᠡᠷᠡᠭ ᠡᠬᠦᠰᠬᠦ ᠡᠴᠡ ᠵᠠᠶᠢᠯᠠᠰᠬᠢᠵᠤ᠂ ᠬᠦᠯᠦᠰᠦᠨ ᠠᠵᠢᠯᠴᠢᠳ ᠴᠠᠯᠢᠩ ᠢᠶᠡᠨ ᠠᠪᠴᠤ ᠬᠡᠷ ᠲᠤ ᠪᠠᠨ ᠬᠠᠷᠢᠭᠠᠳ ᠪᠠᠶᠠᠷ ᠬᠦᠷ ᠲᠠᠢ ᠰᠢᠨᠡᠯᠡᠬᠦ ᠶᠢ ᠪᠠᠳᠤᠯᠠᠬᠤ ᠬᠡᠷᠡᠭᠲᠡᠢ ᠭᠡᠵᠡᠢ᠃ 

ᠢᠷᠡᠯᠳᠡ᠄ ᠭᠤᠸᠠᠩᠮᠢᠩ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122109633