蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠯᠢᠶᠤᠤᠨᠢᠩ ᠬᠠᠮᠳᠤᠷᠠᠨ ᠴᠢᠳᠠᠪᠤᠷᠢᠳᠠᠨ ᠡᠯᠰᠡᠬᠦ ᠲᠠᠪᠴᠠᠩ ᠪᠠᠶᠢᠭᠤᠯᠬᠤ ᠪᠡᠷ ᠪᠤᠢ

2017-12-14 17:04

    ᠰᠢᠨᠬᠤᠸᠠ ᠬᠤᠷᠢᠶ᠎ᠠ  ᠬᠦᠬᠡᠬᠤᠳᠠ ᠶᠢᠨ 12 ᠰᠠᠷ᠎ᠠ ᠶᠢᠨ 13 ᠤ ᠡᠳᠤᠷ ᠤᠨ ᠴᠠᠬᠢᠯᠭᠠᠨ ᠮᠡᠳᠡᠬᠡ ( ᠰᠤᠷᠪᠤᠯᠵᠢᠯᠠᠭᠴᠢ ᠯᠢ ᠶᠦᠨ ᠫᠢᠩ)  ᠰᠤᠷᠪᠤᠯᠵᠢᠯᠠᠭᠴᠢ 13 ᠤ ᠡᠳᠤᠷ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠬᠦᠮᠦᠨ ᠤ ᠬᠦᠴᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠲᠢᠩᠬᠢᠮ ᠡᠴᠡ ᠤᠶᠢᠯᠠᠭᠠᠭᠰᠠᠨ ᠢᠶᠡᠷ᠂ ᠦᠪᠦᠷ ᠮᠤᠩᠭ᠋ᠤᠯ ᠤᠨ ᠬᠦᠮᠦᠨ ᠤ ᠬᠦᠴᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠤᠯᠠᠨ ᠨᠡᠶᠢᠳᠡ ᠶᠢᠨ ᠦᠢᠯᠡᠴᠢᠯᠡᠬᠡᠨ ᠤ ᠲᠦᠪ᠂ ᠯᠢᠶᠤᠤᠨᠢᠩ ᠮᠤᠵᠢ ᠶᠢᠨ ᠠᠵᠢᠯ ᠤᠯᠭᠤᠬᠤ ᠪᠤᠯᠤᠨ ᠴᠢᠳᠠᠪᠤᠷᠢᠳᠠᠨ ᠳᠤ ᠦᠢᠯᠡᠴᠢᠯᠡᠬᠦ ᠲᠤᠪᠴᠢᠶ᠎ᠠ ᠴᠢᠳᠠᠪᠤᠷᠢᠳᠠᠨ ᠤ ᠲᠠᠯ᠎ᠠ ᠪᠡᠷ ᠬᠠᠮᠳᠤ ᠶᠢᠨ ᠠᠵᠢᠯᠯᠠᠭ᠎ᠠ ᠬᠢᠬᠦ ᠬᠡᠯᠡᠯᠴᠡᠬᠡᠷ ᠲᠤ ᠭᠠᠷ ᠤᠨ ᠦᠰᠦᠭ ᠵᠢᠷᠤᠵᠤ᠂ ᠬᠦᠮᠦᠨ ᠤ ᠬᠦᠴᠦᠨ ᠤ ᠨᠦᠬᠡᠴᠡ ᠶᠢᠨ ᠦᠢᠯᠡᠴᠢᠯᠡᠬᠡᠨ ᠤ ᠬᠠᠮᠳᠤ ᠶᠢᠨ ᠠᠵᠢᠯᠯᠠᠭ᠎ᠠ ᠦᠷᠨᠢᠬᠦᠯᠵᠤ᠂ ᠬᠠᠮᠳᠤ ᠪᠡᠷ ᠴᠢᠳᠠᠪᠤᠷᠢᠳᠠᠨ ᠡᠯᠰᠡᠬᠦ ᠲᠠᠪᠴᠠᠩ ᠪᠠᠶᠢᠭᠤᠯᠬᠤ ᠪᠡᠷ ᠪᠤᠢ᠃ 

    ᠤᠶᠢᠯᠠᠭᠠᠭᠰᠨᠨ ᠢᠶᠡᠷ᠂ ᠦᠪᠦᠷ ᠮᠤᠩᠭ᠋ᠤᠯ᠂ ᠯᠢᠶᠤᠤᠨᠢᠩ ᠶᠡᠬᠡ ᠲᠡᠭᠡᠳᠤ ᠰᠤᠷᠭᠠᠭᠤᠯᠢ ᠶᠢᠨ ᠲᠡᠬᠦᠰᠦᠭᠰᠡᠨ ᠤᠶᠤᠳᠠᠳ ᠲᠤ ᠠᠵᠢᠯ ᠤᠯᠭᠤᠬᠤ ᠶᠢ ᠴᠢᠩᠭ᠋ᠠᠳᠬᠠᠵᠤ᠂ ᠬᠦᠳᠡᠯᠮᠦᠷᠢ ᠬᠦᠴᠦᠨ ᠤ ᠬᠠᠷᠢᠴᠠᠭ᠎ᠠ ᠪᠠᠶᠢᠭᠤᠯᠬᠤ ᠵᠡᠷᠬᠡ ᠲᠠᠯ᠎ᠠ ᠪᠡᠷ ᠮᠤᠵᠢ ᠠᠯᠤᠰᠯᠠᠨ ᠬᠠᠮᠳᠤᠷᠠᠬᠤ ᠶᠢ ᠴᠢᠬᠤᠯᠠᠴᠢᠯᠠᠵᠤ᠂ ᠰᠤᠷᠭᠠᠭᠤᠯᠢ ᠶᠢᠨ ᠬᠦᠷᠢᠶᠡᠨ ᠳᠤ ᠠᠵᠢᠯᠳᠠᠨ ᠡᠯᠰᠡᠬᠦ ᠬᠤᠷᠠᠯ᠂ ᠴᠢᠳᠠᠪᠤᠷᠢᠳᠠᠨ ᠤ ᠹᠤᠷᠦ᠋ᠮ᠂ ᠴᠢᠳᠠᠪᠤᠷᠢᠳᠠᠨ ᠲᠠᠨᠢᠯᠴᠠᠭᠤᠯᠬᠤ ᠵᠡᠷᠬᠡ ᠲᠠᠯ᠎ᠠ ᠪᠡᠷ ᠬᠠᠷᠢᠯᠴᠠᠨ ᠨᠦᠬᠦᠴᠡᠯ ᠬᠠᠩᠭ᠋ᠠᠵᠤ᠂ ᠬᠠᠮᠳᠤ ᠶᠢᠨ ᠠᠵᠢᠯᠯᠠᠭᠠᠨ ᠤ ᠬᠤᠶᠠᠷ ᠲᠠᠯ᠎ᠠ ᠶᠢᠨ ᠶᠡᠬᠡ ᠲᠡᠭᠡᠳᠤ ᠰᠤᠷᠭᠠᠭᠤᠯᠢ ᠲᠡᠬᠦᠰᠦᠭᠰᠡᠳ ᠲᠤ ᠲᠦᠷᠬᠡᠨ ᠠᠵᠢᠯ ᠤᠯᠭᠤᠭᠤᠯᠬᠤ ᠶᠢ ᠬᠦᠳᠦᠯᠦᠨ ᠵᠢᠯᠤᠭᠤᠳᠤᠨ᠎ᠠ᠃ ᠤᠳᠤᠬᠢ ᠢᠨᠲ᠋ᠧᠷᠨᠧᠲ ᠪᠤᠯᠤᠨ ᠲᠤᠮᠤ ᠳ᠋ᠠᠶᠢᠲ᠋ᠠ ᠮᠡᠷᠬᠡᠵᠢᠯ ᠢ ᠠᠰᠢᠭᠯᠠᠨ ᠮᠤᠵᠢ ᠠᠯᠤᠰᠯᠠᠭᠰᠠᠨ ᠶᠡᠬᠡ ᠲᠡᠭᠡᠳᠤ ᠰᠤᠷᠭᠠᠭᠤᠯᠢ ᠶᠢᠨ ᠬᠠᠮᠳᠤᠷᠠᠭᠰᠠᠨ ᠨᠧᠲ ᠢᠶᠡᠷ ᠡᠯᠰᠡᠬᠦ ᠬᠤᠷᠠᠯ ᠵᠤᠬᠢᠶᠠᠨ ᠪᠠᠶᠢᠭᠤᠯᠵᠤ᠂ ᠴᠢᠳᠠᠪᠤᠷᠢᠳᠠᠨ ᠤ ᠰᠤᠷᠠᠬ ᠵᠠᠩᠬᠢ ᠶᠢ ᠬᠠᠮᠳᠤ ᠪᠡᠷ ᠠᠰᠢᠭᠯᠠᠨ ᠬᠠᠮᠳᠤ ᠪᠡᠷ ᠬᠤᠪᠢᠶᠠᠯᠴᠠᠨ᠎ᠠ᠃

    ᠬᠠᠮᠳᠤ ᠶᠢᠨ ᠠᠵᠢᠯᠯᠠᠭᠠᠨ ᠤ ᠬᠤᠶᠠᠷ ᠲᠠᠯ᠎ᠠ ᠪᠡᠷ ᠢᠶᠡᠨ ᠵᠡᠬᠦᠨ ᠬᠤᠶᠢᠳᠤ ᠤᠷᠤᠨ ᠤ ᠮᠡᠷᠭᠡᠳ ᠤᠨ ᠨᠧᠲ ᠢ ᠪᠠᠶᠢᠭᠤᠯᠬᠤ ᠶᠢ ᠰᠦᠪᠡᠭ᠍ᠴᠢᠯᠡᠵᠤ᠂ ᠭᠠᠳᠠᠭᠠᠳᠤ ᠶᠢᠨ ᠴᠢᠳᠠᠪᠤᠷᠢᠳᠠᠨ ᠤ ᠠᠵᠢᠯ ᠤᠨ ᠬᠤᠯᠪᠤᠭᠠᠨ ᠤ ᠦᠷᠳᠡᠭᠡ᠂ ᠭᠠᠳᠠᠭᠠᠳᠤ ᠳᠤ ᠰᠤᠷᠤᠯᠴᠠᠭᠰᠠᠨ ᠲᠡᠭᠡᠳᠤ ᠲᠦᠪᠰᠢᠨ ᠤ ᠴᠢᠳᠠᠪᠤᠷᠢᠳᠠᠨ ᠤ ᠰᠤᠷᠠᠬ ᠵᠠᠩᠬᠢ ᠶᠢᠨ ᠬᠦᠮᠦᠷᠬᠡ ᠪᠤᠯᠤᠨ ᠵᠡᠬᠦᠨ ᠬᠤᠶᠢᠳᠤ ᠤᠷᠤᠨ ᠤ ᠴᠢᠳᠠᠪᠤᠷᠢᠳᠠᠨ ᠤ ᠪᠠᠭ ᠤᠨ ᠰᠤᠷᠠᠬ ᠵᠠᠩᠬᠢ ᠶᠢᠨ ᠬᠦᠮᠦᠷᠬᠡ ᠪᠠᠶᠢᠭᠤᠯᠬᠤ ᠶᠢᠨ ᠬᠠᠮᠳᠤ ᠴᠢᠳᠠᠪᠤᠷᠢᠳᠠᠨ ᠳᠤ ᠬᠠᠨᠳᠤᠭᠤᠯᠤᠭᠰᠠᠨ ᠴᠠᠬᠢᠮ ᠦᠢᠯᠡᠴᠢᠯᠡᠬᠡᠨ ᠤ ᠲᠠᠩᠬᠢᠮ ᠪᠠᠶᠢᠭᠤᠯᠵᠤ᠂ ᠵᠡᠬᠦᠨ ᠬᠤᠶᠢᠳᠤ ᠤᠷᠤᠨ ᠤ ᠴᠢᠳᠠᠪᠤᠷᠢᠳᠡᠨ ᠤ ᠵᠠᠬ᠎ᠠ ᠵᠡᠬᠡᠯᠢ ᠶᠢᠨ ᠨᠢᠬᠡ ᠴᠤᠭᠴᠠᠴᠢᠯᠠᠯᠳᠠ ᠪᠤᠯᠤᠨ ᠨᠧᠲ᠋ᠴᠢᠯᠠᠯᠳᠠ ᠶᠢ ᠠᠬᠢᠭᠤᠯᠤᠨ᠎ᠠ᠃

    ᠤᠶᠢᠯᠠᠭᠠᠭᠰᠠᠨ ᠢᠶᠡᠷ᠂ ᠦᠪᠦᠷ ᠮᠤᠩᠭ᠋ᠤᠯ᠂ ᠯᠢᠶᠤᠤᠨᠢᠩ ᠪᠦᠰᠡ ᠨᠤᠳᠤᠭ ᠤᠨ ᠬᠦᠮᠦᠨ ᠤ ᠬᠦᠴᠦᠨ ᠤ ᠨᠦᠬᠡᠴᠡ ᠪᠤᠯᠤᠨ ᠴᠢᠳᠠᠪᠤᠷᠢᠳᠠᠨ ᠤ ᠬᠦᠭ᠍ᠵᠢᠯᠳᠡ ᠶᠢᠨ ᠲᠦᠯᠦᠪᠯᠡᠬᠡ᠂ ᠬᠦᠮᠦᠨ ᠤ ᠬᠦᠴᠦᠨ ᠤ ᠨᠦᠬᠡᠴᠡ ᠶᠢᠨ ᠲᠤᠮᠳᠠ ᠤᠷᠳᠤ ᠬᠤᠭᠤᠴᠠᠭᠠᠨ ᠤ ᠬᠦᠭ᠍ᠵᠢᠯᠳᠡ ᠶᠢᠨ ᠲᠦᠯᠦᠪᠯᠡᠬᠡ᠂ ᠴᠢᠳᠠᠪᠤᠷᠢᠳᠡᠨ ᠤ ᠲᠦᠷᠦ ᠶᠢᠨ ᠪᠤᠳᠤᠯᠭ᠎ᠠ ᠶᠢᠨ ᠰᠤᠳᠤᠯᠭ᠎ᠠ ᠵᠡᠷᠬᠡ ᠬᠠᠮᠳᠤ ᠶᠢᠨ ᠠᠵᠢᠯᠯᠠᠭ᠎ᠠ ᠦᠷᠨᠢᠬᠦᠯᠵᠤ᠂ ᠲᠤᠭᠳᠠᠭᠰᠠᠨ ᠬᠤᠭᠤᠴᠠᠭᠠᠨ ᠤ ᠰᠤᠯᠢᠯᠴᠠᠭᠠᠨ ᠤ ᠪᠠᠶᠢᠭᠤᠯᠤᠮᠵᠢ ᠪᠠᠶᠢᠭᠤᠯᠤᠨ᠂ ᠬᠠᠮᠳᠤ ᠶᠢᠨ ᠠᠵᠢᠯᠯᠠᠭᠠᠨ ᠤ ᠲᠦᠰᠤᠯ ᠤᠨ ᠠᠬᠢᠴᠠ ᠶᠢ ᠠᠬᠢᠭᠤᠯᠵᠦ᠂ ᠪᠦᠰᠡ ᠨᠤᠳᠤᠭ ᠤᠨ ᠴᠢᠳᠠᠪᠤᠷᠢᠳᠡᠨ ᠤ ᠬᠠᠮᠳᠤᠷᠠᠯᠴᠠᠭ᠎ᠠ᠂ ᠰᠤᠳᠤᠨ ᠴᠢᠳᠠᠪᠤᠷᠢᠳᠠᠨ ᠡᠯᠰᠡᠬᠦ ᠪᠷᠧᠨ᠋ᠳ᠋ ᠪᠤᠢ ᠪᠤᠯᠭᠠᠵᠦ᠂ ᠰᠢᠨ᠎ᠡ ᠬᠡᠯᠪᠡᠷᠢ ᠶᠢᠨ ᠴᠢᠳᠠᠪᠤᠷᠢᠳᠠᠨ ᠤ ᠲᠦᠪᠯᠡᠷᠡᠯ ᠪᠦᠷᠢᠯᠳᠦᠬᠦᠯᠬᠦ ᠪᠡᠷ ᠴᠢᠷᠮᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122112183