蒙古文网站Logo
ᠰᠢᠨᠬᠤᠸᠠ ᠮᠤᠩᠭ᠋ᠤᠯ ᠨᠧᠲ

《ᠬᠠᠮᠲᠤ ᠰᠢᠯᠢᠳᠡᠭ ᠪᠦᠲᠦᠭᠡᠭ᠍ᠳᠡᠬᠦᠨ》 ᠨᠡᠶᠢᠲᠡᠯᠡᠬᠦ ᠬᠤᠷᠠᠯ ᠬᠦᠬᠡᠬᠣᠲᠠ ᠳᠤ ᠪᠣᠯᠤᠯ᠎ᠠ

2017-12-18 17:45

    ᠰᠢᠨᠬᠤᠸᠠ ᠮᠣᠩᠭᠣᠯ ᠨᠧᠲ  ᠬᠦᠬᠡᠬᠣᠲᠠ ᠶᠢᠨ 12 ᠰᠠᠷ᠎ᠠ ᠶᠢᠨ 17 ᠤ ᠡᠳᠦᠷ ᠤᠨ ᠴᠠᠬᠢᠯᠭᠠᠨ ᠮᠡᠳᠡᠭᠡ (ᠪᠣᠯᠣᠷᠴᠡᠴᠡᠭ᠂ ᠤᠶᠠᠬᠠᠨ) 17  ᠤ ᠡᠳᠦᠷ᠂ ᠦᠪᠦᠷ ᠮᠣᠩᠭᠣᠯ ᠤᠨ ᠮᠠᠯᠵᠢᠬᠤ ᠣᠷᠣᠨ ᠤ ᠨᠦᠭᠡᠴᠡ ᠪᠠᠶᠠᠯᠢᠭ ᠤᠨ ᠬᠠᠮᠲᠤ ᠶᠢᠨ ᠠᠵᠢᠯᠯᠠᠭᠠᠨ ᠤ ᠬᠤᠶᠠᠳᠡᠬᠢ ᠳᠡᠭᠡᠳᠦ ᠲᠦᠪᠰᠢᠨ ᠤ ᠹᠣᠷᠦ᠋ᠮ ᠪᠤᠯᠤᠨ《ᠬᠠᠮᠲᠤ ᠰᠢᠯᠢᠳᠡᠭ ᠪᠦᠲᠦᠭᠡᠭ᠍ᠳᠡᠬᠦᠨ》ᠨᠡᠶᠢᠲᠡᠯᠡᠬᠦ ᠬᠤᠷᠠᠯ ᠬᠦᠬᠡᠬᠣᠲᠠ ᠶᠢᠨ ᠰᠢᠨ᠎ᠡ ᠬᠣᠲᠠ ᠵᠤᠴᠢᠳ ᠪᠠᠭᠤᠳᠠᠯ ᠳᠤ ᠠᠮᠵᠢᠯᠲᠠ ᠲᠠᠢ ᠦᠨᠳᠦᠷᠯᠡᠯ᠎ᠡ᠃

    ᠮᠦᠨ ᠡᠳᠦᠷ᠂ ᠡᠪᠯᠡᠯ ᠤᠨ ᠡᠯ᠎ᠡ ᠭᠡᠰᠢᠭᠦᠨ ᠠᠵᠦ ᠠᠬᠤᠢ ᠶᠢᠨ ᠨᠢᠭᠡᠴᠡ ᠠᠴᠠ ᠦᠪᠡᠷ ᠦᠪᠡᠷ ᠤᠨ ᠰᠢᠯᠢᠳᠡᠭ ᠳᠦᠰᠦᠯ ᠪᠠ ᠰᠢᠨ᠎ᠡ ᠪᠦᠲᠦᠭᠡᠭ᠍ᠲᠡᠬᠦᠨ ᠢᠶᠡᠨ ᠨᠡᠶᠢᠲᠡᠯᠡᠨ ᠲᠠᠨᠢᠯᠴᠠᠭᠤᠯᠤᠭᠰᠠᠨ ᠪᠠᠶᠢᠨ᠎ᠠ᠃ ᠲᠡᠳᠡ ᠡᠠᠯᠠᠱᠠ ᠨᠤᠲᠤᠭ ᠤᠨ ᠣᠨᠴᠠ ᠭᠠᠷᠤᠯᠲᠠ ᠨᠤᠭᠤᠳ᠂ 《ᠮᠧᠩ ᠢᠦᠢ》ᠪᠦᠲᠦᠭᠡᠭ᠍ᠳᠡᠬᠦᠨ᠂《ᠯᠠᠮᠪᠣᠣᠯ (Lambball) 》ᠪᠷᠧᠨ᠋ᠳ᠋᠂ 《ᠲᠠᠮᠢᠷ》ᠪᠷᠧᠨ᠋ᠳ᠋᠂ 《᠌ᠰᠦ ᠲᠠᠢ》ᠪᠷᠧᠨ᠋ᠳ᠋ ᠵᠡᠷᠭᠡ ᠬᠦᠳᠡᠬᠡ ᠠᠵᠤ ᠠᠬᠤᠢ ᠶᠢᠨ ᠰᠢᠮᠡᠳᠦ ᠪᠦᠲᠦᠭᠡᠭ᠍ᠳᠡᠬᠦᠨ ᠢᠶᠡᠨ ᠲᠠᠨᠢᠯᠴᠠᠭᠤᠯᠤᠨ ᠨᠡᠶᠢᠲᠡᠯᠡᠯ᠎ᠡ᠃ ᠡᠬᠦᠨ ᠳᠤ ᠰᠢᠷᠠᠰᠤ ᠪᠡᠷ ᠬᠢᠭᠰᠡᠨ ᠤᠮᠳᠠᠭᠠᠨ᠂ ᠪᠤᠷᠴᠠ ᠲᠠᠢ ᠵᠢᠶᠠᠩ᠂ ᠴᠡᠬᠡ᠂ ᠰᠢᠷ᠎ᠠ ᠠᠶᠢᠷᠠᠭ᠂ ᠦᠵᠦᠮ ᠤᠨ ᠠᠷᠢᠬᠢ᠂ ᠨᠡᠷᠡᠮᠡᠯ ᠠᠷᠢᠬᠢ᠂ ᠪᠤᠤᠵᠠ᠂ ᠪᠡᠯᠡᠨ ᠪᠢᠳᠡᠬᠦᠦ ᠱᠦᠯᠦ ᠵᠡᠷᠬᠡ ᠤᠯᠠᠨ ᠳᠦᠷᠦᠯ ᠤᠨ ᠰᠢᠨ᠎ᠡ ᠪᠦᠳᠦᠬᠡᠭᠳᠡᠬᠦᠨ ᠪᠠᠭᠳᠠᠵᠠᠢ᠃ ᠪᠷᠧᠨ᠋ᠳ᠋ ᠪᠠᠶᠢᠭᠤᠯᠤᠭᠴᠢᠳ ᠠᠴᠠ ᠪᠠᠰᠠ ᠤᠤᠯ ᠰᠠᠨᠠᠭ᠎ᠠ ᠵᠣᠷᠢᠯᠳᠠ ᠪᠡᠨ ᠢᠯᠡᠷᠬᠡᠶᠢᠯᠡᠭᠰᠡᠨ ᠤ ᠬᠠᠮᠳᠤ ᠬᠤᠶᠢᠰᠢᠳᠠ ᠪᠦᠳᠦᠬᠡᠭᠳᠡᠬᠦᠨ ᠢᠶᠡᠨ ᠤᠯᠠᠮ ᠰᠢᠯᠢᠳᠡᠭᠵᠢᠬᠦᠯᠬᠦ᠂ ᠨᠡᠩ ᠤᠯᠠᠨ ᠰᠢᠯᠢᠳᠡᠭ ᠪᠦᠳᠦᠬᠡᠭᠳᠡᠬᠦᠨ ᠦᠢᠯᠡᠳᠪᠦᠷᠢᠯᠡᠬᠦ ᠳᠠᠯ᠎ᠠ ᠪᠡᠷ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ᠂ ᠠᠵᠢᠯ ᠦᠢᠯᠡᠰ ᠡᠷᠬᠢᠯᠡᠭᠴᠢᠳ ᠤᠨ ᠰᠠᠨᠠᠯ ᠢ ᠠᠪᠤᠭᠰᠠᠨ ᠪᠠᠶᠢᠨ᠎ᠠ᠃

    ᠡᠭᠦᠨ ᠡᠴᠡ ᠭᠠᠳᠠᠨ᠎ᠠ᠂ ᠦᠪᠦᠷ ᠮᠣᠩᠭᠣᠯ ᠤᠨ ᠮᠠᠯᠵᠢᠬᠤ ᠣᠷᠣᠨ ᠤ ᠨᠦᠭᠡᠴᠡ ᠪᠠᠶᠠᠯᠢᠭ ᠤᠨ ᠬᠠᠮᠲᠤ ᠶᠢᠨ ᠠᠵᠢᠯᠯᠠᠭᠠᠨ ᠤ ᠡᠪᠯᠡᠯ ᠲᠠᠢ ᠬᠤᠷᠰᠢᠨ ᠠᠵᠢᠯᠯᠠᠭ᠎ᠠ ᠪᠡᠬᠡᠵᠢᠩ ᠤᠨ ᠶᠢᠩ ᠺᠧ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠦᠪᠦᠷ ᠮᠤᠩᠭᠤᠯ ᠳ᠋ᠡᠬᠢ ᠰᠠᠯᠪᠤᠷᠢ ᠠᠴᠠ ᠬᠠᠤᠯᠢ ᠶᠢᠨ ᠵᠦᠪᠯᠡᠯᠭᠡ ᠬᠠᠩᠭᠠᠵᠤ᠂ ᠡᠯ᠎ᠡ ᠭᠡᠰᠢᠭᠦᠨ ᠠᠵᠦ ᠠᠬᠤᠢ ᠶᠢᠨ ᠨᠢᠭᠡᠴᠡ ᠳᠦ ᠳᠦᠭᠦᠮ ᠦᠵᠡᠭᠦᠯᠬᠦ ᠪᠡᠨ ᠳᠠᠬᠢᠨ ᠢᠯᠡᠷᠬᠡᠶᠢᠯᠡᠵᠡᠢ᠃

ᠢᠷᠡᠯᠳᠡ᠄ ᠰᠢᠨᠬᠤᠸᠠ ᠮᠣᠩᠭᠣᠯ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001122130270