蒙古文网站Logo
ᠰᠢᠨᠬᠤᠸᠠ ᠮᠤᠩᠭ᠋ᠤᠯ ᠨᠧᠲ

ᠲᠦᠩᠯᠢᠶᠤᠤ ᠬᠤᠳᠠ ᠶᠢᠨ ᠳᠡᠮᠦᠷ ᠵᠠᠮ ᠤᠨ ᠠᠵᠢᠯ ᠤᠨ ᠦᠷᠳᠡᠬᠡ《ᠠᠶᠤᠯᠬᠦᠢ ᠦᠢᠯᠡᠳᠪᠦᠷᠢᠯᠡᠯ ᠤᠨ ᠬᠠᠤᠯᠢ》 ᠶᠢ ᠳᠦᠬᠡᠮᠡᠯᠵᠢᠬᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠤᠬᠢᠶᠠᠨ ᠪᠠᠶᠢᠭᠤᠯᠪᠠ

2017-12-19 15:48

    ᠤᠶᠢᠷ᠎ᠠ ᠶᠢᠨ ᠡᠳᠦᠷ᠂ ᠲᠦᠩᠯᠢᠶᠤᠤ ᠬᠤᠳᠠ ᠶᠢᠨ ᠳᠡᠮᠦᠷ ᠵᠠᠮ ᠤᠨ ᠠᠵᠢᠯ ᠤᠨ ᠦᠷᠳᠡᠬᠡ ᠨᠢ《ᠠᠶᠤᠯᠬᠦᠢ ᠦᠢᠯᠡᠳᠪᠦᠷᠢᠯᠡᠯ ᠤᠨ ᠬᠠᠤᠯᠢ》 ᠶᠢ ᠳᠦᠬᠡᠮᠡᠯᠵᠢᠬᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠤᠬᠢᠶᠠᠨ ᠪᠠᠶᠢᠭᠤᠯᠵᠤ᠂ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ ᠪᠡᠷ ᠵᠢᠯᠤᠭᠤᠳᠤᠯᠭ᠎ᠠ ᠪᠤᠯᠭᠠᠨ ᠠᠶᠤᠯᠬᠦᠢ ᠦᠢᠯᠡᠳᠪᠦᠷᠢᠯᠡᠯ ᠤᠨ ᠬᠠᠤᠯᠢ ᠳᠦᠷᠢᠮ ᠢ ᠳᠦᠬᠡᠮᠡᠯᠵᠢᠬᠦᠯᠵᠤ᠂ ᠡᠨᠡᠬᠦ ᠬᠠᠤᠯᠢ ᠳᠦᠷᠢᠮ ᠢ ᠪᠦᠬᠦ ᠳᠠᠯ᠎ᠠ ᠪᠡᠷ ᠵᠢᠷᠤᠮᠯᠠᠠ᠂ ᠬᠠᠤᠯᠢ ᠶᠤᠰᠤᠭᠠᠷ ᠠᠶᠤᠯᠬᠦᠢ ᠶᠢ ᠬᠠᠮᠠᠭᠠᠯᠠᠬᠤ ᠪᠠ ᠳᠡᠮᠦᠷ ᠵᠠᠮ ᠤᠨ ᠠᠶᠤᠯᠬᠦᠢ ᠦᠢᠯᠡᠳᠪᠦᠷᠢᠯᠡᠯ ᠢ ᠪᠠᠳᠤᠯᠠᠬᠤ ᠳᠤ ᠨᠦᠬᠦᠴᠡᠯ ᠬᠠᠩᠭᠠᠭᠰᠠᠨ ᠪᠠᠶᠢᠨ᠎ᠠ᠃

    ᠡᠨᠡᠬᠦ ᠠᠵᠢᠯᠯᠠᠭᠠᠨ ᠤ ᠬᠤᠭᠤᠴᠠᠭᠠᠨ ᠳᠤ ᠪᠦᠬᠦ ᠺᠠᠳ᠋ᠷ ᠠᠵᠢᠯᠳᠠᠳ ᠤᠨ ᠶᠡᠬᠡ ᠬᠤᠷᠠᠯ ᠬᠤᠷᠠᠯᠳᠤᠭᠤᠯᠵᠤ ᠳᠦᠪᠯᠡᠷᠡᠬᠦᠯᠦᠨ ᠰᠤᠷᠤᠯᠴᠠᠬᠤ᠂ ᠪᠠᠭ ᠬᠤᠪᠢᠶᠠᠨ ᠰᠤᠷᠤᠯᠴᠠᠬᠤ᠂ ᠰᠠᠭᠤᠳᠠᠯ ᠤᠨ ᠬᠤᠷᠠᠯ ᠬᠢᠵᠤ ᠶᠠᠷᠢᠯᠴᠠᠬᠤ᠂ ᠳᠤᠰᠬᠠᠢ ᠮᠡᠷᠬᠡᠵᠢᠯᠳᠡᠳ ᠡᠴᠡ ᠮᠡᠳᠡᠬᠦᠯᠦᠯᠳᠡ ᠬᠢᠬᠦ ᠵᠡᠷᠬᠡ ᠠᠷᠭ᠎ᠠ ᠪᠡᠷ ᠨᠠᠮ ᠤᠨ ᠠᠷᠪᠠ ᠶᠢᠰᠦᠳᠦᠬᠡᠷ ᠶᠡᠬᠡ ᠬᠤᠷᠠᠯ ᠤᠨ ᠵᠤᠷᠢᠭ ᠰᠠᠨᠠᠭ᠎ᠠ᠂ ᠰᠢ ᠵᠢᠨ ᠫᠢᠩ ᠶᠡᠷᠦᠩᠬᠡᠢ ᠱᠦᠵᠢ ᠶᠢᠨ ᠴᠤᠪᠤᠷᠠᠯ ᠴᠢᠬᠤᠯᠠ ᠶᠠᠷᠢᠶ᠎ᠠ ᠪᠠ ᠠᠶᠤᠯᠬᠦᠢ ᠦᠢᠯᠡᠳᠪᠦᠷᠢᠯᠡᠯ ᠤᠨ ᠳᠠᠯ᠎ᠠ ᠪᠡᠷ ᠬᠢ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠢ ᠰᠤᠷᠤᠯᠴᠠᠨ ᠳᠤᠤᠱᠯᠠᠭᠤᠯᠵᠤ᠂《ᠠᠶᠤᠯᠬᠦᠢ ᠦᠢᠯᠡᠳᠪᠦᠷᠢᠯᠡᠯ ᠤᠨ ᠬᠠᠤᠯᠢ》ᠪᠤᠯᠤᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠠᠮᠢᠶᠠᠳᠠᠢ ᠪᠤᠰᠤᠳ ᠬᠠᠤᠯᠢ ᠳᠦᠷᠢᠮ ᠢ ᠰᠤᠷᠤᠯᠴᠠᠭᠰᠠᠨ ᠪᠠᠶᠢᠨ᠎ᠠ᠃ ᠡᠬᠦᠨ ᠤ ᠵᠡᠷᠬᠡᠴᠡᠬᠡ᠂ ᠠᠶᠤᠯᠬᠦᠢ ᠦᠢᠯᠡᠳᠪᠦᠷᠢᠯᠡᠯ ᠤᠨ ᠮᠡᠳᠡᠯᠬᠡ ᠶᠢᠨ ᠤᠷᠤᠯᠳᠤᠭᠠᠨ ᠬᠢᠬᠦ᠂ ᠬᠠᠨ᠎ᠠ ᠶᠢᠨ ᠰᠤᠨᠢᠨ ᠡᠷᠬᠢᠯᠡᠬᠦ᠂ ᠭᠠᠷ ᠠᠪᠤᠯᠭ᠎ᠠ ᠳᠠᠷᠬᠠᠭᠠᠬᠤ᠂ ᠠᠮᠵᠢᠯᠳᠠ ᠪᠦᠳᠦᠮᠵᠢ ᠶᠢᠨ ᠦᠵᠡᠰᠬᠦᠯᠡᠩ ᠭᠠᠷᠭᠠᠬᠤ ᠵᠡᠷᠬᠡ ᠠᠵᠢᠯᠯᠠᠭ᠎ᠠ ᠨᠤᠭᠤᠳ ᠢ ᠵᠤᠬᠢᠶᠠᠨ ᠪᠠᠶᠢᠭᠤᠯᠵᠠᠢ᠃ (ᠴᠧᠨ ᠸᠧᠢ)

ᠢᠷᠡᠯᠳᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠬᠡ ᠶᠢᠨ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122135393