蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠰᠥᠨᠢᠳ ᠪᠠᠷᠠᠭᠤᠨ ᠬᠤᠰᠢᠭᠤᠨ ‍ᠤ ᠤᠯᠠᠭᠠᠨᠮᠥ᠋ᠴᠢᠷ ‍ᠤᠨ ᠡᠷᠥᠭᠡ ᠶᠢᠨ ᠴᠡᠷᠢᠭ ᠲᠤ ᠳᠤᠭ ᠭᠠᠷᠳᠠᠭᠤᠯᠬᠤ ᠶᠤᠰᠤᠯᠠᠯ ᠶᠠᠪᠤᠭᠳᠠᠯ᠎ᠠ

2017-12-22 17:10

    ᠰᠢᠨᠬᠤᠧᠠ ᠮᠤᠩᠭ᠋ᠤᠯ ᠨᠧᠲ    ᠬᠦᠬᠡᠬᠤᠳᠠ ᠶᠢᠨ 12 ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠬᠡ   ᠤᠶᠢᠷ᠎ᠡ ᠳ᠋ᠤ᠂ ᠦᠪᠦᠷ ᠮᠤᠩᠭᠤᠯ ᠤᠨ ᠰᠥᠨᠢᠳ ᠪᠠᠷᠠᠭᠤᠨ ᠬᠤᠰᠢᠭᠤᠨ ‍ᠤ ᠤᠯᠠᠭᠠᠨᠮᠥ᠋ᠴᠢᠷ ᠤᠨ ᠡᠷᠥᠭᠡ ᠶ᠋ᠢᠨ ᠴᠡᠷᠢᠭ ᠨᠢ ᠳᠤᠰ ᠬᠤᠰᠢᠭᠤᠨ ᠤ ᠵᠡᠪᠰᠡᠭᠳᠥ ᠬᠥᠴᠥᠨ ‍ᠤ ᠭᠡᠯᠳᠡᠰ ᠡᠴᠡ ᠤᠯᠭᠤᠭᠰᠠᠨ ᠳᠤᠭ ᠢ ᠳᠤᠰᠴᠤ᠂ ᠪᠠᠰᠠ ᠨᠢᠭᠡ ᠢᠷᠠᠭᠤ ᠠᠯᠳᠠᠷ ᠢᠶᠡᠷ ᠮᠢᠯᠢᠶᠠᠯᠭᠠᠨ᠂ ᠤᠯᠠᠭᠠᠨᠮᠥ᠋ᠴᠢᠷ ‍ᠤᠨ ᠪᠥᠬᠥ ᠭᠡᠰᠢᠬᠥᠳ ‍ᠤᠨ ᠢᠳᠡᠭᠡᠯ ᠵᠤᠷᠢᠭ ᠤᠯᠠᠮ ᠬᠥᠪᠴᠢᠯᠡᠭᠳᠡᠯ᠎ᠡ᠃

    ᠳᠤᠬᠠᠢ ᠶᠢᠨ ᠡᠳᠦᠷ᠂ ᠰᠥᠨᠢᠳ ᠪᠠᠷᠠᠭᠤᠨ ᠬᠤᠰᠢᠭᠤᠨ ‍ᠤ ᠤᠯᠠᠭᠠᠨᠮᠥ᠋ᠴᠢᠷ ‍ᠤᠨ ᠪᠤᠯᠪᠠᠰᠤᠷᠠᠯ ‍ᠤᠨ ᠲᠠᠩᠭᠢᠮ ᠳ᠋ᠤ ᠬᠤᠰᠢᠭᠤᠨ ᠤ ᠨᠠᠮ ᠵᠠᠰᠠᠭ ‍ᠤᠨ ᠤᠳᠤᠷᠢᠳᠤᠯᠭ᠎ᠠ ᠪᠠ ᠵᠡᠪᠰᠡᠭᠳᠥ ᠬᠥᠴᠥᠨ ‍ᠤ ᠭᠡᠯᠳᠡᠰ ‍ᠤᠨ ᠴᠡᠷᠢᠭ ᠠᠩᠭᠢ ᠶ᠋ᠢᠨ ᠬᠢᠨ ᠵᠢᠴᠢ ᠤᠯᠠᠭᠠᠨᠮᠥ᠋ᠴᠢᠷ ‍ᠤᠨ ᠲᠤᠭᠯᠠᠭᠴᠢᠳ ᠬᠤᠷᠠᠨ ᠴᠤᠭᠯᠠᠷᠠᠵᠤ᠂ ᠲᠥᠪ ᠶᠡᠬᠡᠮᠰᠥᠭ ᠤᠯᠤᠰ ‍ᠤᠨ ᠰᠦᠯᠳᠡ ᠲᠠᠭᠤᠨ ‍ᠤ ᠠᠶ᠎ᠠ ᠬᠥᠭᠵᠢᠮ ‍ᠤᠨ ᠲᠤᠮᠳᠠ ᠤᠯᠠᠭᠠᠨᠮᠥ᠋ᠴᠢᠷ ‍ᠤᠨ ᠡᠷᠥᠭᠡ ᠶ᠋ᠢᠨ ᠴᠡᠷᠢᠭ ᠲᠤ ᠲᠤᠭ ᠬᠥᠷᠭᠡᠬᠥ ᠶᠤᠰᠤᠯᠠᠯ ᠶᠠᠪᠤᠭᠤᠯᠪᠠ᠃ ᠡᠨᠡ ᠨᠢ ᠬᠤᠰᠢᠭᠤ ᠲᠠᠶᠠᠭᠠᠷ ᠤᠨ ᠡᠷᠥᠭᠡ ᠶ᠋ᠢᠨ ᠴᠡᠷᠢᠭ ᠲᠤ ᠪᠠᠰᠠ ᠨᠢᠭᠡ ᠬᠤᠪᠢ ᠭᠡᠷᠡᠯ ᠬᠢᠯᠪᠠᠭ᠎ᠠ ᠨᠡᠮᠡᠷᠢᠯᠡᠭᠰᠡᠨ ᠲᠡᠳᠥᠢ ᠥᠭᠡᠢ ᠤᠯᠠᠭᠠᠨᠮᠥ᠋ᠴᠢᠷ ᠨᠢ ᠴᠡᠷᠢᠭ ᠠᠩᠭᠢ ᠲᠠᠢ ᠬᠠᠮᠳᠤ ᠪᠡᠷ ᠡᠶ᠎ᠡ ᠵᠤᠬᠢᠴᠠᠯ ᠲᠠᠢ᠂ ᠪᠥᠯᠬᠥᠮᠳᠡᠯ ᠲᠠᠢ᠂ ᠭᠡᠷ ᠤᠷᠤᠨ ᠢᠶᠡᠨ ᠪᠥᠳᠥᠭᠡᠨ ᠪᠠᠶᠢᠭᠤᠯᠬᠤ ᠬᠥᠨᠳᠥ ᠡᠬᠥᠷᠭᠡ ᠬᠠᠷᠢᠭᠤᠴᠠᠯᠭ᠎ᠠ ᠶ᠋ᠢ ᠬᠥᠯᠢᠶᠡᠭᠰᠡᠨ ᠢ ᠬᠠᠷᠠᠭᠤᠯᠤᠭᠰᠠᠨ ᠶᠤᠮ᠃

    ᠤᠯᠠᠭᠠᠨᠮᠥ᠋ᠴᠢᠷ ‍ᠤᠨ ᠡᠷᠥᠭᠡ ᠶ᠋ᠢᠨ ᠴᠡᠷᠢᠭ ᠨᠢ ᠨᠠᠮ ‍ᠤᠨ ᠠᠷᠪᠠ ᠶᠢᠰᠥᠳᠥᠭᠡᠷ ᠶᠡᠬᠡ ᠬᠤᠷᠠᠯ ‍ᠤᠨ ᠵᠤᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠵᠤ᠂ ᠰᠢ ᠵᠢᠨ ᠫᠢᠩ ᠶᠡᠷᠥᠩᠭᠡᠢ ᠱᠥᠵᠢ ᠶ᠋ᠢᠨ ᠰᠥᠨᠢᠳ ᠪᠠᠷᠠᠭᠤᠨ ᠬᠤᠰᠢᠭᠤᠨ ‍ᠤ ᠤᠯᠠᠭᠠᠨᠮᠥ᠋ᠴᠢᠷ ᠲᠤ ᠢᠷᠡᠭᠥᠯᠥᠭᠰᠡᠨ ᠵᠠᠬᠢᠳᠡᠯ ‍ᠤᠨ ᠵᠤᠷᠢᠭ ᠰᠠᠨᠠᠭ᠎ᠠ ᠶ᠋ᠢ ᠪᠤᠳᠠᠳᠠᠢ ᠠᠵᠢᠯ ‍ᠤᠨ ᠲᠤᠮᠳᠠ ᠪᠡᠨ ᠥᠢᠯᠡᠳᠥᠯᠬᠡᠵᠢᠬᠥᠯᠵᠥ᠂ ᠴᠡᠷᠢᠭ ᠠᠷᠠᠳ ‍ᠤᠨ ᠵᠢᠭᠠᠰᠤ ᠤᠰᠤᠨ ‍ᠤ ᠬᠠᠷᠢᠴᠠᠭ᠎ᠠ ᠶ᠋ᠢ ᠬᠥᠨᠵᠡᠬᠡᠶᠢᠷᠡᠬᠥᠯᠵᠥ᠂ ᠬᠠᠮᠳᠤ ᠪᠡᠷ ᠴᠢᠷᠮᠠᠶᠢᠨ ᠠᠵᠢᠯᠯᠠᠵᠤ᠂ ᠤᠯᠠᠭᠠᠨᠮᠥ᠋ᠴᠢᠷ ‍ᠤᠨ ᠡᠷᠥᠭᠡ ᠶ᠋ᠢᠨ ᠴᠡᠷᠢᠭ ᠤᠨ ᠥᠢᠯᠡᠳᠥᠯ ‍ᠢ ᠰᠠᠶᠢᠳᠤᠷ ᠪᠠᠳᠠᠷᠠᠭᠤᠯᠬᠤ ᠪᠤᠯᠤᠨ᠎ᠠ᠃ (ᠨᠡᠶᠢᠳᠡᠯᠡᠯ ᠵᠢᠷᠤᠭ ᠢ ᠳᠠᠮᠤᠴᠢ)

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122154040